| | 2024 ᠣᠨ ᠤ 3 ᠰᠠᠷ᠎ᠠ ᠶᠢᠨ 22 ᠤᠨ ᠡᠳᠦᠷ ᠪᠣᠯ ᠭᠤᠴᠢᠨ ᠬᠤᠶᠠᠳᠤᠭᠠᠷ ᠬᠤᠭᠤᠴᠠᠭᠠᠨ ᠤ ︽ | ᠳᠡᠯᠡᠬᠡᠢ ᠶᠢᠨ ᠤᠰᠤᠨ ᠤ ᠡᠳᠦᠷ︾᠂ ᠡᠭᠦᠨ ᠤ ᠬᠠᠮᠲᠤ 3 ᠰᠠᠷ᠎ᠠ ᠶᠢᠨ 22 ᠤᠨ ᠡᠳᠦᠷ ᠠᠴᠠ 28 ᠤ ᠡᠳᠦᠷ | ᠪᠣᠯᠲᠠᠯ᠎ᠠ ᠭᠤᠴᠢᠨ ᠳᠣᠯᠣᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠪᠣᠯᠣᠨ᠎ᠠ᠃ | ᠥᠷᠭᠡᠨ ᠤᠯᠠᠨ ᠬᠤᠳᠠ ᠶᠢᠨ ᠠᠷᠠᠳ ᠤᠨ ᠤᠰᠤ ᠠᠷᠪᠢᠯᠠᠬᠤ ᠤᠬᠠᠮᠰᠠᠷ ᠢ ᠳᠠᠶᠢᠴᠢᠯᠠᠵᠤ᠂ ᠠᠮᠢ ᠠᠬᠤᠢ ᠶᠢᠨ | ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ᠂ ᠯᠢᠶᠡᠩᠴᠧᠩ ᠰᠢᠶᠠᠨ ᠤ ᠬᠢᠨ ︽ᠤᠰᠤᠨ ᠤ ᠡᠬᠢ ᠪᠠᠶᠠᠯᠢᠭ ᠢ | ᠨᠠᠷᠢᠨ ᠨᠢᠭᠲᠠ ᠪᠤᠳᠤᠵᠤ ᠰᠠᠶᠢᠲᠤᠷ ᠬᠡᠷᠡᠭᠯᠡᠵᠦ ᠤᠰᠤᠨ ᠤ ᠡᠬᠢ ᠪᠠᠶᠠᠯᠢᠭ ᠢ ᠴᠢᠩᠭ᠎ᠠ ᠨᠠᠷᠢᠨ ᠬᠠᠮᠢᠶᠠᠷᠴᠤ ᠰᠠᠶᠢᠲᠤᠷ | ᠬᠠᠮᠢᠶᠠᠷᠬᠤ︾ ᠪᠠᠷ ᠭᠤᠣᠯ ᠰᠡᠳᠦᠪ ᠪᠣᠯᠭᠠᠭᠰᠠᠨ ᠤᠯᠠᠨ ᠵᠦᠢᠯ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠵᠡᠢ᠃ | ᠯᠢᠶᠡᠩᠴᠧᠩ ᠰᠢᠶᠠᠨ ᠤ ᠳ᠋ᠠᠶᠢᠬ᠎ᠠ ᠠᠭᠤᠳᠠᠮ ᠲᠠᠯᠠᠪᠠᠢ ᠳᠤ᠂ ᠤᠰᠤᠨ ᠠᠰᠢᠭᠯᠠᠯᠲᠠ ᠶᠢᠨ ᠲᠣᠪᠴᠢᠶ᠎ᠠ ᠶᠢᠨ 30 | ᠭᠠᠷᠤᠢ ᠠᠵᠢᠯᠲᠠᠨ ᠲᠤᠬᠠᠢ ᠶᠢᠨ ᠲᠠᠯᠠᠪᠠᠢ ᠳᠤ ᠤᠯᠠᠨ ᠲᠦᠮᠡᠨ ᠳᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠰᠤᠨ ᠤ ᠬᠠᠤᠯᠢ︾ ᠶᠢᠨ ᠤᠬᠠᠭᠤᠯᠭ᠎ᠠ ᠶᠢᠨ ᠬᠠᠭᠤᠳᠠᠰᠤ ᠵᠢᠴᠢ ︽ᠤᠰᠤ ᠶᠢ ᠠᠷᠪᠢᠯᠠᠵᠤ ᠥᠪᠡᠷ ᠤᠨ | ᠪᠡᠶ᠎ᠡ ᠠᠴᠠ ᠪᠠᠨ ᠡᠬᠢᠯᠡᠵᠦ ᠬᠡᠷᠡᠭᠯᠡᠬᠦ︾᠂ ︽ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠶᠡᠷᠦ ᠶᠢᠨ ᠮᠡᠳᠡᠯᠭᠡ︾ | ᠶᠢᠨ ᠤᠬᠠᠭᠤᠯᠭ᠎ᠠ ᠶᠢᠨ ᠳᠡᠪᠲᠡᠷ ᠢ ᠲᠠᠷᠬᠠᠭᠠᠬᠤ ᠶᠢᠨ ᠬᠠᠮᠲᠤ ᠪᠠᠰᠠ ᠤᠯᠠᠨ ᠲᠦᠮᠡᠨ ᠳᠤ ᠤᠰᠤ ᠠᠷᠪᠢᠯᠠᠬᠤ | ᠤᠬᠠᠭᠤᠯᠭ᠎ᠠ ᠶᠢᠨ ᠤᠭᠤᠲᠠ᠂ ᠬᠦᠵᠦᠭᠦᠨ ᠤ ᠣᠷᠢᠶᠠᠯᠲᠠ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠠᠢ᠃ | ᠠᠵᠢᠯᠲᠠᠳ ᠤᠯᠠᠨ ᠲᠦᠮᠡᠨ ᠳᠤ ᠬᠠᠮᠢᠶ᠎ᠠ ᠪᠦᠬᠦᠢ ᠮᠡᠳᠡᠯᠭᠡ ᠶᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ | ᠥᠷᠭᠡᠨ ᠤᠯᠠᠨ ᠲᠦᠮᠡᠨ ᠳᠤ ᠪᠦᠬᠦ ᠰᠢᠶᠠᠨ ᠤ ᠤᠰᠤᠨ ᠤ ᠡᠬᠢ ᠪᠠᠶᠠᠯᠢᠭ ᠤᠨ ᠣᠳᠣᠬᠢ ᠪᠠᠶᠢᠳᠠᠯ ᠪᠣᠯᠣᠨ ᠤᠰᠤᠨ ᠤ | ᠡᠬᠢ ᠪᠠᠶᠠᠯᠢᠭ ᠤᠨ ᠬᠠᠮᠠᠭᠠᠯᠠᠯᠲᠠ ᠶᠢᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠤᠯᠠᠮ ᠴᠢᠨᠠᠭᠰᠢᠳᠠ | ᠣᠶᠢᠯᠠᠭᠠᠭᠤᠯᠵᠤ᠂ ᠤᠯᠠᠨ ᠲᠦᠮᠡᠨ ᠤ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠵᠦ᠂ ᠤᠬᠠᠮᠰᠠᠷ ᠠᠴᠠ ᠪᠠᠨ | ᠤᠰᠤᠨ ᠤ ᠡᠬᠢ ᠪᠠᠶᠠᠯᠢᠭ ᠢ ᠠᠷᠪᠢᠯᠠᠭᠤᠯᠪᠠ᠃ | ᠠᠵᠢᠯᠲᠠᠳ ᠪᠠᠰᠠ ᠯᠢᠶᠡᠩᠴᠧᠩ ᠰᠢᠶᠠᠨ ᠤ ᠦᠨᠳᠦᠰᠦᠲᠡᠨ ᠤ ᠪᠠᠭ᠎ᠠ ᠰᠤᠷᠭᠠᠭᠤᠯᠢ ᠳᠤ ᠣᠷᠣᠵᠤ᠂ ︽ᠤᠰᠤ | ᠠᠷᠪᠢᠯᠠᠬᠤ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠥᠷᠨᠢᠭᠦᠯᠵᠦ᠂ ᠤᠰᠤᠨ | ᠠᠰᠢᠭᠯᠠᠯᠲᠠ ᠶᠢᠨ ᠲᠣᠪᠴᠢᠶ᠎ᠠ ᠶᠢᠨ ᠠᠵᠢᠯᠲᠠᠳ ᠶᠠᠭᠤᠨ ᠤ ᠤᠷᠢᠳ ᠰᠤᠷᠤᠭᠴᠢᠳ ᠲᠤ 30 ᠭᠠᠷᠤᠢ ᠬᠠᠶᠢᠷᠴᠠᠭ | A4 ᠠᠵᠢᠯ ᠤᠨ ᠴᠠᠭᠠᠰᠤ ᠬᠦᠷᠭᠡᠵᠦ᠂ ᠵᠠᠯᠭᠠᠭᠠᠳ ᠪᠠᠭᠰᠢ ᠨᠠᠷ ᠲᠠᠶᠢᠯᠤᠮᠵᠢ ᠬᠢᠬᠦ ᠬᠡᠯᠪᠡᠷᠢ ᠪᠠᠷ ᠰᠤᠷᠤᠭᠴᠢᠳ ᠲᠤ | ᠳᠡᠯᠡᠬᠡᠢ ᠶᠢᠨ ᠤᠰᠤᠨ ᠤ ᠡᠬᠢ ᠪᠠᠶᠠᠯᠢᠭ ᠤᠨ ᠣᠳᠣᠬᠢ ᠪᠠᠶᠢᠳᠠᠯ᠂ ᠮᠠᠨ ᠤ ᠤᠯᠤᠰ ᠤᠨ ᠤᠰᠤᠨ ᠤ ᠡᠬᠢ | ᠪᠠᠶᠠᠯᠢᠭ ᠤᠨ ᠣᠳᠣᠬᠢ ᠪᠠᠶᠢᠳᠠᠯ ᠵᠢᠴᠢ ᠳᠡᠯᠡᠬᠡᠢ ᠶᠢᠨ ᠤᠰᠤᠨ ᠤ ᠪᠣᠬᠢᠷᠲᠤᠯ ᠤᠨ ᠠᠰᠠᠭᠤᠳᠠᠯ ᠢ ᠲᠠᠶᠢᠯᠪᠤᠷᠢᠯᠠᠨ | ᠥᠭᠴᠦ᠂ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠤᠰᠤ ᠶᠢ ᠠᠷᠪᠢᠯᠠᠵᠤ ᠬᠡᠷᠡᠭᠯᠡᠬᠦ ᠶᠢ ᠰᠠᠨᠠᠭᠠᠴᠢᠯᠠᠨ᠂ | ᠤᠰᠤ ᠶᠢ ᠠᠷᠪᠢᠯᠠᠵᠤ ᠬᠡᠷᠡᠭᠯᠡᠬᠦ ᠣᠶᠢᠯᠠᠭᠠᠭᠳᠠᠬᠤᠨ ᠢ ᠪᠣᠶ ᠪᠣᠯᠭᠠᠵᠤ᠂ ᠤᠰᠤ ᠶᠢ ᠠᠷᠪᠢᠯᠠᠵᠤ ᠬᠡᠷᠡᠭᠯᠡᠬᠦ ᠶᠢᠨ | ᠴᠢᠬᠤᠯᠠ ᠴᠢᠨᠠᠷ ᠢ ᠲᠠᠨᠢᠭᠤᠯᠪᠠ᠃ ᠬᠠᠮᠤᠭ ᠤᠨ ᠰᠡᠭᠦᠯ ᠳᠤ᠂ ︽ᠤᠰᠤ ᠠᠷᠪᠢᠯᠠᠬᠤ ᠳᠠᠭᠤᠤ︾ ᠪᠠᠷ ᠲᠣᠰ | ᠤᠳᠠᠭᠠᠨ ᠤ ᠲᠠᠶᠢᠯᠤᠮᠵᠢ ᠶᠢ ᠲᠡᠭᠦᠰᠬᠡᠪᠡ᠃ | ᠯᠢᠶᠡᠩᠴᠧᠩ ᠰᠢᠶᠠᠨ ᠤ ᠤᠰᠤᠨ ᠤ ᠡᠬᠢ ᠪᠠᠶᠠᠯᠢᠭ ᠬᠠᠷᠢᠴᠠᠩᠭᠤᠢ ᠪᠠᠷ ᠳᠤᠲᠠᠭᠳᠠᠵᠤ᠂ ᠬᠥᠮᠥᠨ ᠪᠦᠷᠢ ᠶᠢᠨ | ᠳᠤᠮᠳᠠᠴᠢ ᠭᠠᠵᠠᠷ ᠳᠣᠣᠷᠠᠬᠢ ᠤᠰᠤᠨ ᠤ ᠠᠰᠢᠭᠯᠠᠵᠤ ᠪᠣᠯᠬᠤ ᠬᠡᠮᠵᠢᠶ᠎ᠡ ᠨᠢ ᠪᠠᠷᠤᠭ 255 ᠪᠣᠰᠤᠭ᠎ᠠ ᠳᠥᠷᠪᠡᠯᠵᠢᠨ | ᠮᠧᠲᠷ ᠪᠠᠶᠢᠵᠤ᠂ ᠠᠵᠤ ᠦᠢᠯᠡᠳᠪᠦᠷᠢ᠂ ᠲᠠᠷᠢᠶᠠᠯᠠᠩ᠂ ᠠᠮᠢᠳᠤᠷᠠᠯ᠂ ᠠᠮᠢ ᠠᠬᠤᠢ ᠵᠡᠷᠭᠡ ᠶᠢᠨ ᠤᠰᠤ ᠬᠡᠷᠡᠭᠯᠡᠬᠦ | ᠬᠡᠷᠡᠭᠴᠡᠭᠡ ᠵᠢᠯ ᠳᠠᠷᠠᠭᠠᠯᠠᠨ ᠨᠡᠮᠡᠭᠳᠡᠵᠦ᠂ ᠠᠰᠢᠭᠯᠠᠵᠤ ᠪᠣᠯᠬᠤ ᠤᠰᠤᠨ ᠤ ᠡᠬᠢ ᠪᠠᠶᠠᠯᠢᠭ ᠬᠦᠨᠳᠦ ᠨᠣᠴᠢᠲᠠᠢ | ᠳᠤᠲᠠᠭᠳᠠᠵᠤ ᠪᠠᠶᠢᠨ᠎ᠠ᠂ ᠡᠨᠡ ᠤᠳᠠᠭ᠎ᠠ ᠶᠢᠨ ᠠᠵᠢᠯᠯᠠᠭ᠎ᠠ ᠶᠢ ᠠᠰᠢᠭᠯᠠᠨ᠂ ᠤᠰᠤ ᠶᠢ ᠠᠷᠪᠢᠯᠠᠨ ᠬᠡᠷᠡᠭᠯᠡᠬᠦ ᠶᠢ | ᠪᠠᠷᠢᠮᠲᠠᠯᠠᠵᠤ᠂ ᠨᠢᠭᠡ ᠤᠰᠤ ᠶᠢ ᠤᠯᠠᠨ ᠬᠡᠷᠡᠭᠯᠡᠬᠦ ᠶᠢ ᠪᠠᠷᠢᠮᠲᠠᠯᠠᠵᠤ᠂ ᠤᠰᠤ ᠪᠠᠷ ᠬᠡᠷᠡᠭᠴᠡᠭᠡ ᠶᠢ ᠲᠣᠭᠲᠠᠭᠠᠵᠤ᠂ | ᠤᠰᠤ ᠶᠢ ᠬᠡᠮᠵᠢᠶ᠎ᠡ ᠪᠠᠷ ᠨᠢ ᠬᠡᠷᠡᠭᠯᠡᠵᠤ᠂ ᠤᠰᠤ ᠠᠷᠪᠢᠯᠠᠬᠤ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ᠬᠥᠮᠥᠨ | ᠪᠦᠬᠦᠨ ᠤᠰᠤ ᠠᠷᠪᠢᠯᠠᠬᠤ ᠠᠵᠢᠯᠯᠠᠭ᠎ᠠ ᠳᠤ ᠣᠷᠣᠯᠴᠠᠵᠤ᠂ ᠪᠦᠬᠦ ᠨᠡᠶᠢᠭᠡᠮ ᠤᠨ ᠤᠰᠤ ᠠᠷᠪᠢᠯᠠᠬᠤ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠣᠯᠭᠠᠬᠤ ᠶᠢ ᠪᠢᠳᠡ ᠤᠯᠠᠨ ᠳᠤ ᠤᠷᠢᠶᠠᠯᠠᠪᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |