ᠡᠷᠴᠢ ᠵᠣᠷᠢᠭ ᠢᠶᠠᠨ ᠬᠥᠪᠴᠢᠯᠡᠨ ᠰᠢᠨ᠎ᠡ ᠬᠠᠭᠤᠳᠠᠰᠤ ᠶᠢ ᠪᠢᠴᠢᠭᠯᠡᠵᠦ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ ᠭᠡᠷᠡᠯ ᠰᠠᠴᠤᠷᠠᠩᠭᠤᠢ ᠦᠢᠯᠡᠰ ᠢ ᠴᠣᠭᠴᠠᠯᠠᠶ᠎ᠠ
ᠨᠡᠶᠢᠲᠡᠯᠡᠭᠰᠡᠨ ᠴᠠᠭ᠄
2024/3/25
ᠴᠠᠭ᠄ 2024-01-24ᠰᠤᠷᠪᠤᠯᠵᠢᠯᠠᠭ᠎ᠠ ᠬᠦᠯᠢᠶᠡᠭᠴᠢ᠄ ᠹᠧᠩᠵᠧᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢ ᠶᠢᠩ     ᠹᠧᠩᠵᠧᠨ ᠬᠤᠲᠠ ᠶᠢᠨ ᠬᠢᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠬᠢᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ︽ᠹᠧᠩᠵᠧᠨ ᠤ ᠬᠠᠷᠢᠭᠤᠴᠠᠯᠭ᠎ᠠ︾ ᠶᠢ ᠢᠯᠡᠷᠡᠭᠦᠯᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠲᠠᠯ᠎ᠠ ᠪᠠᠷ ︽ᠹᠧᠩᠵᠧᠨ ᠤ ᠬᠤᠷᠳᠤᠴᠠ︾ ᠶᠢ ᠢᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠠᠯ᠎ᠠ ᠪᠠᠷ ︽ᠹᠧᠩᠵᠧᠨ ᠤ ᠠᠮᠢᠵᠢᠷᠠᠯ ᠤᠨ ᠬᠦᠴᠦᠨ︾ ᠢ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ︽ᠹᠧᠩᠵᠧᠨ ᠤ ᠬᠠᠯᠠᠭᠤᠨ ᠳᠤᠯᠠᠭᠠᠨ︾ ᠢ ᠳᠡᠭᠡᠭᠰᠢᠯᠡᠭᠦᠯᠬᠦ ᠬᠡᠷᠡᠭᠲᠡᠢ᠃ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ     ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠨᠠᠷᠢᠨ ᠪᠣᠳᠠᠲᠠᠢ ᠲᠤᠭ᠎ᠠ ᠪᠠᠷᠢᠮᠲᠠ ᠪᠠᠷ ᠥᠩᠭᠡᠷᠡᠭᠰᠡᠨ ᠨᠢᠭᠡ ᠵᠢᠯ ᠤᠨ ᠬᠢᠯᠪᠠᠷ ᠪᠤᠰᠤ ᠪᠠᠷ ᠣᠯᠣᠭᠰᠠᠨ ᠠᠮᠵᠢᠯᠲᠠ ᠶᠢ ᠪᠤᠰᠤᠳᠴᠢ ᠪᠠᠷ ᠳ᠋ᠦᠩᠨᠡᠪᠡ︔ ᠢᠳᠡ ᠬᠦᠴᠦᠲᠡᠢ ᠪᠣᠳᠠᠲᠠᠢ ᠠᠷᠭ᠎ᠠ ᠬᠡᠮᠵᠢᠶ᠎ᠡ ᠪᠠᠷ ᠰᠢᠨ᠎ᠡ ᠨᠢᠭᠡ ᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠵᠢᠷᠤᠭ ᠲᠥᠰᠥᠪ ᠢ ᠪᠦᠬᠦ ᠲᠠᠯ᠎ᠠ ᠪᠠᠷ ᠵᠢᠷᠤᠭᠯᠠᠵᠤ᠂ ᠤᠯᠠᠨ ᠲᠦᠮᠡᠨ ᠲᠠᠢ ᠣᠶᠢᠷᠠᠲᠤᠯᠴᠠᠵᠤ᠂ ᠢᠳᠡ ᠬᠦᠴᠦ ᠪᠠᠨ ᠪᠠᠲᠤᠳᠬᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠲᠡᠮᠡᠴᠡᠯ ᠤᠨ ᠵᠣᠷᠢᠭ ᠢ ᠬᠥᠪᠴᠢᠯᠡᠭᠰᠡᠨ ᠰᠠᠶᠢᠨ ᠢᠯᠡᠳᠬᠡᠯ ᠪᠣᠯᠣᠨ᠎ᠠ᠃︾ ᠹᠧᠩᠵᠧᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢ ᠶᠢᠩ ᠰᠣᠷᠪᠤᠯᠵᠢᠯᠠᠭ᠎ᠠ ᠬᠦᠯᠢᠶᠡᠬᠦ ᠦᠶ᠎ᠡ ᠳᠤ ᠬᠡᠯᠡᠪᠡ᠃     ᠹᠧᠩᠵᠧᠨ ᠬᠤᠲᠠ ᠶᠢᠨ ᠬᠢᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠬᠢᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ︽ᠹᠧᠩᠵᠧᠨ ᠤ ᠬᠠᠷᠢᠭᠤᠴᠠᠯᠭ᠎ᠠ︾ ᠶᠢ ᠢᠯᠡᠷᠡᠭᠦᠯᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠲᠠᠯ᠎ᠠ ᠪᠠᠷ ︽ᠹᠧᠩᠵᠧᠨ ᠤ ᠬᠤᠷᠳᠤᠴᠠ︾ ᠶᠢ ᠢᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠠᠯ᠎ᠠ ᠪᠠᠷ ︽ᠹᠧᠩᠵᠧᠨ ᠤ ᠠᠮᠢᠵᠢᠷᠠᠯ ᠤᠨ ᠬᠦᠴᠦᠨ︾ ᠢ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ︽ᠹᠧᠩᠵᠧᠨ ᠤ ᠬᠠᠯᠠᠭᠤᠨ ᠳᠤᠯᠠᠭᠠᠨ︾ ᠢ ᠳᠡᠭᠡᠭᠰᠢᠯᠡᠭᠦᠯᠤᠨ᠎ᠡ᠃     ᠯᠢ ᠶᠢᠩ᠄ 2023 ᠣᠨ ᠳᠤ᠂ ᠹᠧᠩᠵᠧᠨ ᠬᠤᠳᠠ ᠶᠢᠨ ᠬᠢᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠬᠦᠴᠦᠯᠡᠬᠦ ᠴᠡᠭ ᠪᠣᠯᠭᠠᠵᠤ᠂ ᠠᠵᠠ ᠲᠣᠬᠢᠶᠠᠯ ᠢ ᠠᠳᠬᠤᠵᠤ᠂ ᠥᠷᠢᠰᠦᠯᠳᠦᠭᠡᠨ ᠢ ᠤᠭᠲᠤᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢᠨ ᠲᠥᠯᠥᠭᠡ ᠲᠡᠮᠡᠴᠡᠵᠦ᠂ ᠥᠭᠡᠷᠡᠴᠢᠯᠡᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠵᠤ᠂ ᠠᠵᠤ ᠠᠬᠤᠢ ᠶᠢᠨ ᠨᠡᠮᠡᠭᠳᠡᠯ ᠢ ᠲᠣᠭᠲᠠᠭᠤᠨ ᠢᠶᠠᠷ ᠰᠠᠶᠢᠵᠢᠷᠠᠭᠤᠯᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠰᠢᠯᠢᠳᠡᠭᠵᠢᠭᠦᠯᠬᠦ᠂ ᠬᠤᠳᠠ ᠬᠥᠳᠡᠭᠡ ᠶᠢᠨ ᠳᠦᠷᠰᠦ ᠪᠠᠶᠢᠳᠠᠯ ᠢ ᠰᠢᠨᠡᠴᠢᠯᠡᠬᠦ᠂ ᠤᠯᠠᠨ ᠲᠦᠮᠡᠨ ᠤ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠶᠢ ᠪᠡᠶᠡᠯᠡᠭᠦᠯᠵᠦ᠂ ᠹᠧᠩᠵᠧᠨ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠡᠢ᠃     ᠯᠢ ᠶᠢᠩ᠄ 2024 ᠣᠨ ᠳᠤ᠂ ᠹᠧᠩᠵᠧᠨ ᠬᠤᠳᠠ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠭᠤᠣᠯ ᠰᠢᠵᠢᠮ ᠤᠨ ᠲᠣᠭᠤᠷᠢᠨ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢ ᠡᠷᠡᠰ ᠰᠠᠶᠢᠲᠤᠷ ᠬᠢᠵᠦ᠂ ᠹᠧᠩᠵᠧᠨ ᠬᠤᠳᠠ ᠶᠢᠨ ᠲᠣᠳᠣᠷᠬᠠᠢ ᠲᠣᠭᠲᠠᠭᠠᠭᠰᠠᠨ ᠲᠤᠯᠤᠭᠠᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠪᠦᠬᠦ ᠵᠢᠯ ᠤᠨ ᠡᠯ᠎ᠡ ᠵᠦᠢᠯ ᠤᠨ ᠠᠵᠢᠯ ᠳᠤ ᠪᠦᠬᠦ ᠲᠠᠯ᠎ᠠ ᠪᠠᠷ ᠳᠤᠭᠤᠰᠢᠯᠠᠭᠤᠯᠤᠨ᠎ᠡ᠃ ᠡᠨᠡ ᠵᠢᠯ ᠤᠨ ᠲᠥᠯᠥᠪᠵᠢᠭᠦᠯᠦᠭᠰᠡᠨ ᠭᠤᠣᠯᠳᠠᠯᠭ᠎ᠠ ᠲᠠᠢ ᠲᠦᠷᠦᠯ ᠵᠦᠢᠯ ᠢ ᠲᠦᠷᠭᠡᠨ ᠠᠬᠢᠭᠤᠯᠵᠤ᠂ ᠡᠮᠦᠨᠡᠬᠢ ᠬᠤᠭᠤᠴᠠᠭ᠎ᠠ ᠶᠢ ᠴᠢᠩᠭ᠎ᠠ ᠠᠩᠬᠠᠷᠴᠤ᠂ ᠠᠬᠢᠴᠠ ᠶᠢ ᠲᠦᠷᠭᠡᠳᠬᠡᠵᠦ᠂ ᠬᠠᠪᠤᠷ ᠤᠨ ᠡᠬᠢ ᠪᠠᠷ ᠠᠵᠢᠯ ᠢᠶᠠᠨ ᠡᠬᠢᠯᠡᠭᠦᠯᠵᠦ᠂ ᠣᠨᠴᠠᠭᠠᠶᠢᠯᠠᠨ ᠪᠣᠬᠢᠷᠲᠤᠯ ᠦᠭᠡᠢ ᠬᠠᠶᠢᠯᠤᠰᠢ ᠶᠢᠨ ᠠᠵᠤ ᠦᠢᠯᠡᠰ ᠢ ᠥᠭᠡᠷᠡᠴᠢᠯᠡᠬᠦ ᠲᠠᠯ᠎ᠠ ᠪᠠᠷ ᠲᠦᠷᠦᠭᠦᠯᠡᠵᠦ᠂ ᠦᠯᠢᠭᠡᠷ ᠳᠠᠭᠤᠷᠢᠶᠠᠯ ᠪᠣᠯᠵᠤ᠂ ᠪᠣᠬᠢᠷᠲᠤᠯ ᠦᠭᠡᠢ ᠬᠠᠶᠢᠯᠤᠰᠢ ᠶᠢᠨ ᠦᠢᠯᠡᠳᠪᠦᠷᠢᠯᠡᠯ ᠤᠨ ᠴᠢᠳᠠᠪᠤᠷᠢ ᠶᠢ 500 ᠲᠦᠮᠡᠨ ᠲᠣᠨ ᠰᠢᠨ᠎ᠡ ᠪᠠᠷ ᠨᠡᠮᠡᠭᠳᠡᠭᠦᠯᠬᠦ ᠬᠠᠷᠠᠯᠲᠠ ᠶᠢ ᠲᠦᠷᠭᠡᠨ ᠪᠡᠶᠡᠯᠡᠭᠦᠯᠵᠦ᠂ ᠪᠦᠬᠦ ᠬᠤᠲᠠ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠨᠡᠮᠡᠭᠳᠡᠯ ᠢ ᠨᠡᠮᠡᠭᠳᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ ᠹᠧᠩᠵᠧᠨ ᠬᠤᠲᠠ ᠬᠢᠭᠡᠳ ᠣᠷᠣᠨ ᠤ ᠳᠣᠲᠣᠷ᠎ᠠ ᠭᠠᠳᠠᠨᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠪᠠᠶᠢᠭᠤᠯᠤᠭᠰᠠᠨ ᠵᠠᠰᠠᠭ ᠤᠨ ᠤᠷᠳᠤᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠢ ᠰᠠᠶᠢᠲᠤᠷ ᠠᠰᠢᠭᠯᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ᠂ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠥᠷᠨᠢᠭᠦᠯᠬᠦ ᠶᠢ ᠠᠬᠢᠭᠤᠯᠵᠤ᠂ ᠳᠡᠭᠡᠳᠦ ᠲᠡᠰ ᠤᠨ ᠴᠢᠳᠠᠪᠤᠷᠢᠲᠠᠨ ᠢ ᠡᠯᠰᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ︽ᠬᠤᠷᠳᠤᠴᠠ︾ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠤᠨ᠎ᠡ᠃ ᠤᠯᠠᠨ ᠲᠦᠮᠡᠨ ᠤ ᠡᠳᠦᠷ ᠳᠤᠳᠤᠮ ᠤᠨ ᠠᠮᠢᠳᠤᠷᠠᠯ ᠢ ᠢᠮᠠᠭᠲᠠ ᠰᠡᠳᠬᠢᠯ ᠳᠡᠭᠡᠨ ᠴᠡᠭᠡᠵᠢᠯᠡᠵᠦ᠂ ︽ᠪᠠᠴᠢᠮᠳᠠᠵᠤ ᠬᠦᠴᠢᠷᠳᠡᠵᠤ ᠵᠣᠪᠠᠨᠢᠵᠤ︾ ᠪᠠᠶᠢᠭ᠎ᠠ ᠶᠢ ᠡᠭᠦᠷᠭᠡᠯᠡᠵᠦ᠂ ᠨᠡᠩ ᠶᠡᠭᠡ ᠬᠦᠴᠦ ᠣᠷᠣᠭᠤᠯᠵᠤ ᠪᠠᠶᠢᠭᠠᠳ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠥᠭᠵᠢᠯᠲᠡ ᠶᠢᠨ ᠦᠷ᠎ᠡ ᠪᠦᠲᠦᠭᠡᠯ ᠢ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠩ ᠢᠯᠡᠭᠦᠦ ᠬᠦᠷᠲᠡᠭᠡᠵᠦ᠂ ᠠᠷᠠᠳ ᠤᠯᠠᠨ ᠤ ᠠᠮᠢᠳᠤᠷᠠᠯ ᠢ ᠵᠢᠯ ᠠᠴᠠ ᠵᠢᠯ ᠰᠠᠶᠢᠵᠢᠷᠠᠭᠤᠯᠤᠨ᠎ᠡ᠃     ᠡᠷᠴᠢ ᠵᠣᠷᠢᠭ ᠢᠶᠠᠨ ᠬᠥᠪᠴᠢᠯᠡᠨ ᠰᠢᠨ᠎ᠡ ᠬᠠᠭᠤᠳᠠᠰᠤ ᠶᠢ ᠪᠢᠴᠢᠭᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠭᠡᠷᠡᠯ ᠰᠠᠴᠤᠷᠠᠩᠭᠤᠢ ᠦᠢᠯᠡᠰ ᠢ ᠴᠣᠭᠴᠠᠯᠠᠨ᠎ᠠ᠃ ᠯᠢ ᠶᠢᠩ᠂ ᠬᠥᠭᠵᠢᠯᠲᠡ ᠪᠣᠯ ᠰᠠᠶ᠋ᠢ ᠬᠠᠲᠠᠭᠤ ᠶᠣᠰᠣ ᠮᠥᠨ᠂ ᠲᠡᠮᠡᠴᠡᠪᠡᠯ ᠰᠠᠶ᠋ᠢ ᠦᠨᠡᠨ ᠣᠣᠷ ᠴᠢᠨᠠᠷ ᠢᠶᠠᠨ ᠢᠯᠡᠷᠡᠭᠦᠯᠵᠦ ᠴᠢᠳᠠᠨ᠎ᠠ ᠭᠡᠵᠦ ᠢᠯᠡᠳᠬᠡᠪᠡ᠃ ᠹᠧᠩᠵᠧᠨ ᠬᠤᠳᠠ ᠶᠢᠨ ᠬᠢᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠹᠧᠩᠵᠧᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ︕                      ᠵᠣᠬᠢᠶᠠᠭᠴᠢ᠄ ᠸᠠᠩ ᠶᠢᠨ ᠫᠧᠩ                      ᠤᠷᠴᠢᠭᠤᠯᠤᠭᠴᠢ᠄ ᠬᠦᠰᠡᠯ                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2