ᠬᠤᠲᠠ ᠶᠢᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/26
    3 ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠷᠠᠯ ᠢ ᠡᠷᠭᠢᠯᠡᠪᠡ᠃     ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠦᠨ ᠫᠧᠩ ᠭᠠᠩ ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠢ ᠮᠡᠳᠡᠭᠳᠡᠪᠡ᠃     ᠬᠤᠷᠠᠯ ᠠᠴᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠮᠠᠨ ᠤ ᠬᠤᠲᠠ ᠶᠢᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠶᠢ ᠭᠦᠨᠵᠡᠭᠡᠢ ᠲᠠᠨᠢᠵᠤ᠂ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ︽ᠬᠤᠶᠠᠷ ᠲᠣᠮᠣ ᠶᠠᠪᠤᠳᠠᠯ︾ ᠤᠨ ᠡᠭᠦᠷᠭᠡᠲᠦ ᠰᠡᠳᠬᠢᠯᠭᠡ᠂ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠤᠯᠭᠠᠮ᠎ᠠ ᠰᠡᠳᠬᠢᠯᠭᠡ ᠶᠢ ᠨᠠᠶᠢᠳᠠᠪᠤᠷᠢᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ᠂ ᠵᠦᠢ ᠶᠣᠰᠣᠨ ᠤ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠲᠣᠭᠠᠴᠢᠯᠠᠭᠰᠠᠨ ᠮᠥᠩᠭᠦᠨ ᠭᠦᠢᠯᠭᠡᠭᠡ ᠵᠡᠷᠭᠡ ᠲᠠᠪᠤᠨ ᠲᠠᠯ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠮᠥᠩᠭᠦᠨ ᠭᠦᠢᠯᠭᠡᠭᠡ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ ᠠᠮᠢᠨ ᠰᠤᠳᠠᠰᠤ ᠮᠥᠨ᠂ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡᠨ ᠤ ᠦᠢᠯᠡᠰ ᠤᠨ ᠦᠢᠯᠡᠴᠢᠯᠡᠭᠡ ᠶᠢ ᠴᠢᠩᠭᠠᠳᠬᠠᠨ ᠰᠠᠶᠢᠵᠢᠷᠠᠭᠤᠯᠬᠤ ᠳᠤᠮᠳᠠ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠳᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠦᠨ ᠦᠷ᠎ᠡ ᠪᠦᠲᠦᠮᠵᠢ ᠭᠠᠷᠭᠠᠬᠤ ᠳᠤ ᠬᠦᠴᠦ ᠨᠡᠮᠡᠷᠢᠯᠡᠬᠦ ᠬᠡᠷᠡᠭᠲᠡᠢ᠃ ᠦᠢᠯᠡᠴᠢᠯᠡᠭᠡᠨ ᠤ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ︽ᠵᠢᠷᠭᠤᠭᠠᠨ ᠢᠨᠵᠧᠨᠧᠷᠢᠩ︾ ᠢ ᠤᠷᠤᠭᠰᠢᠲᠠᠢ ᠬᠡᠷᠡᠭᠵᠢᠭᠦᠯᠬᠦ ᠳᠤ ᠬᠦᠴᠦ ᠨᠡᠮᠡᠷᠢᠯᠡᠬᠦ ᠬᠡᠷᠡᠭᠲᠡᠢ᠃ ᠦᠢᠯᠡᠴᠢᠯᠡᠭᠡᠨ ᠤ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠪᠡᠭᠡᠵᠢᠩ ᠥᠪᠥᠷ ᠮᠣᠩᠭᠤᠯ ᠳᠤ ᠦᠢᠯᠡᠴᠢᠯᠡᠬᠦ ᠬᠠᠮᠵᠢᠯᠴᠠᠭᠠᠨ ᠤ ᠴᠢᠳᠠᠪᠤᠷᠢ ᠶᠢ ᠳᠡᠭᠡᠭᠰᠢᠯᠡᠭᠦᠯᠵᠦ᠂ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠳᠤ ᠬᠦᠴᠦ ᠨᠡᠮᠡᠷᠢᠯᠡᠬᠦ ᠬᠡᠷᠡᠭᠲᠡᠢ᠃ ᠦᠢᠯᠡᠴᠢᠯᠡᠭᠡ ᠪᠠᠨ ᠳᠡᠭᠡᠭᠰᠢᠯᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠬᠠᠮᠲᠤᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠳᠤ ᠬᠦᠴᠦ ᠨᠡᠮᠡᠷᠢᠯᠡᠬᠦ ᠬᠡᠷᠡᠭᠲᠡᠢ᠃ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ ᠬᠦᠴᠦᠷᠬᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠴᠣᠬᠢᠯᠲᠠ ᠥᠭᠴᠦ᠂ ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ ᠶᠢ ᠬᠠᠮᠵᠢᠯᠴᠠᠨ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠮᠥᠩᠭᠦᠨ ᠭᠦᠢᠯᠭᠡᠭᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠲᠤ ᠪᠠᠬᠢ ᠪᠤᠢ ᠪᠣᠯᠭᠠᠬᠤ ᠶᠢ ᠮᠥᠩᠭᠦᠨ ᠭᠦᠢᠯᠭᠡᠭᠡᠨ ᠤ ᠠᠵᠢᠯ ᠳᠤ ᠢᠮᠠᠭᠲᠠ ᠲᠤᠭᠤᠰᠢᠯᠠᠭᠤᠯᠵᠤ᠂ ᠮᠥᠩᠭᠦᠨ ᠭᠦᠢᠯᠭᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠰᠠᠶᠢᠨ ᠰᠠᠶᠢᠬᠠᠨ ᠮᠥᠩᠭᠦᠨ ᠭᠦᠢᠯᠭᠡᠭᠡᠨ ᠤ ᠠᠮᠢ ᠠᠬᠤᠢ ᠶᠢ ᠶᠡᠬᠡᠪᠡᠷ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃                                      ᠣᠷᠴᠢᠭᠤᠯᠤᠭᠴᠢ᠄ ᠭᠤᠸ᠎ᠠ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2