| 2023 ᠣᠨ ᠳᠤ᠂ ᠵᠦᠸᠧᠽᠢ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ︽ᠡᠳ᠋ ᠤᠨ ᠵᠠᠰᠠᠭ ᠢᠶᠠᠷ | ᠵᠠᠰᠠᠭ ᠤᠨ ᠶᠠᠪᠤᠳᠠᠯ ᠢ ᠬᠠᠮᠢᠶᠠᠷᠬᠤ᠂ ᠡᠳ᠋ ᠤᠨ ᠵᠠᠰᠠᠭ ᠢᠶᠠᠷ ᠵᠠᠰᠠᠭ ᠤᠨ ᠶᠠᠪᠤᠳᠠᠯ ᠢ ᠳᠡᠮᠵᠢᠬᠦ︾ ᠶᠢ ᠪᠠᠷᠢᠮᠲᠠᠯᠠᠵᠤ᠂ | ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠬᠦ ᠶᠢ | ᠠᠳᠬᠤᠬᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠬᠠᠮᠢᠶᠠᠷᠤᠯᠲᠠ ᠶᠢ ᠴᠢᠬᠤᠯᠠᠴᠢᠯᠠᠬᠤ᠂ ᠠᠶᠤᠯ ᠲᠦᠭᠰᠢᠭᠦᠷᠢ ᠶᠢ | ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ | ᠰᠡᠷᠭᠦᠵᠦ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠦᠢ | ᠵᠣᠬᠢᠰᠲᠠᠢ ᠨᠡᠮᠡᠭᠳᠡᠬᠦ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠡᠳ᠋ ᠤᠨ ᠵᠠᠰᠠᠭ ᠤᠨ ᠣᠷᠣᠯᠭ᠎ᠠ ᠶᠢᠨ | ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠪᠡᠶᠡᠯᠡᠭᠦᠯᠪᠡ᠃ | | ᠨᠢᠭᠡ᠂ ᠬᠠᠮᠵᠢᠯᠴᠠᠨ ᠬᠠᠮᠲᠤᠷᠠᠯᠴᠠᠬᠤ ᠶᠢ ᠪᠠᠷᠢᠮᠲᠠᠯᠠᠵᠤ᠂ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠪᠡ | | ᠭᠠᠶᠢᠯᠢ ᠶᠢᠨ ᠢᠷᠡᠯᠲᠡ ᠶᠢ ᠪᠣᠶᠢᠵᠢᠭᠤᠯᠬᠤ ᠶᠢ ᠪᠠᠷᠢᠮᠲᠠᠯᠠᠵᠤ᠂ ᠣᠷᠣᠯᠭ᠎ᠠ ᠶᠢᠨ ᠨᠡᠮᠡᠭᠳᠡᠯ ᠤᠨ ᠳᠠᠯᠳᠠ | ᠬᠦᠴᠦᠨ ᠢ ᠢᠳᠡᠪᠬᠢᠲᠡᠢ ᠠᠭᠤᠳᠠᠯᠵᠤ᠂ ᠡᠯ᠎ᠡ ᠡᠭᠦᠷᠭᠡ ᠴᠢᠳᠠᠪᠬᠢᠳᠤ ᠰᠠᠯᠠᠭ᠎ᠠ ᠮᠥᠴᠢᠷ ᠤᠨ ᠵᠣᠬᠢᠴᠠᠯᠳᠤᠨ | ᠬᠠᠮᠵᠢᠯᠴᠠᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠭᠠᠶᠢᠯᠢ ᠶᠢᠨ ᠢᠷᠡᠯᠲᠡ ᠶᠢᠨ ᠠᠵᠤ ᠠᠬᠤᠶᠢᠯᠠᠯ ᠳᠤ | ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ ᠵᠣᠬᠢᠶᠠᠨ ᠪᠠᠶᠢᠭᠤᠯᠤᠯᠲᠠ ᠶᠢᠨ | ᠣᠷᠣᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠰᠠᠶᠢᠲᠤᠷ ᠠᠳᠬᠤᠵᠤ᠂ | ᠵᠦᠸᠧᠽᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠡᠳ᠋ ᠤᠨ | ᠬᠦᠴᠦᠨ ᠤ ᠪᠠᠲᠤᠯᠠᠭ᠎ᠠ ᠬᠠᠩᠭᠠᠪᠠ᠃ 2023 ᠣᠨ ᠳᠤ ᠪᠦᠬᠦ ᠰᠢᠶᠠᠨ ᠤ ᠡᠩ ᠤᠨ ᠤᠯᠠᠨ ᠨᠡᠶᠢᠲᠡ ᠶᠢᠨ | ᠲᠥᠰᠥᠪ ᠤᠨ ᠣᠷᠣᠯᠭ᠎ᠠ 29413 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ | 7805 ᠲᠦᠮᠡᠨ ᠲᠥᠭᠦᠷᠢᠭ ᠨᠡᠮᠡᠭᠳᠡᠵᠦ᠂ 36.12% ᠢᠶᠠᠷ ᠨᠡᠮᠡᠭᠳᠡᠵᠦ᠂ ᠵᠢᠯ ᠤᠨ ᠡᠬᠢᠨ ᠳᠤ ᠲᠣᠭᠲᠠᠭᠠᠭᠰᠠᠨ | ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠡᠭᠦᠨ ᠳᠤ᠂ ᠭᠠᠶᠢᠯᠢ ᠲᠠᠲᠠᠪᠤᠷᠢ ᠶᠢᠨ ᠣᠷᠣᠯᠭ᠎ᠠ | 24615 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9275 ᠲᠦᠮᠡᠨ ᠲᠥᠭᠦᠷᠢᠭ | ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ 4798 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 1470 ᠲᠦᠮᠡᠨ ᠲᠥᠭᠦᠷᠢᠭ ᠪᠠᠭᠠᠰᠪᠠ᠃ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠡᠵᠡᠯᠡᠬᠦ ᠬᠠᠷᠢᠴᠠᠯ ᠢ | 83.68% ᠳᠤ ᠬᠦᠷᠦᠭᠦᠯᠵᠦ᠂ ᠣᠷᠣᠯᠭ᠎ᠠ ᠶᠢᠨ ᠪᠦᠲᠦᠴᠡ 8᠄ 2 ᠢ ᠳᠠᠪᠠᠵᠤ᠂ ᠣᠷᠣᠯᠭ᠎ᠠ ᠶᠢᠨ ᠶᠠᠰᠤ ᠴᠢᠨᠠᠷ ᠢ | ᠢᠯᠡᠳᠲᠡ ᠳᠡᠭᠡᠭᠰᠢᠯᠡᠭᠦᠯᠦᠨ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠪᠡ᠃ | | ᠬᠤᠶᠠᠷ᠂ ᠵᠠᠷᠤᠯᠭ᠎ᠠ ᠶᠢᠨ ᠬᠠᠮᠢᠶᠠᠷᠤᠯᠲᠠ ᠶᠢ ᠴᠢᠩᠳᠠᠯᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ | ᠦᠷᠭᠦᠯᠵᠢᠯᠡᠨ ᠨᠡᠮᠡᠭᠳᠡᠭᠦᠯᠪᠡ | | ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠢᠳᠡᠪᠬᠢᠲᠡᠢ ᠪᠠᠷ ᠲᠣᠬᠢᠷᠠᠭᠤᠯᠤᠨ ᠰᠢᠯᠢᠳᠡᠭᠵᠢᠭᠦᠯᠵᠦ᠂ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ ᠪᠠᠶᠢᠭ᠎ᠠ ᠪᠠᠶᠢᠳᠠᠯ ᠳᠣᠣᠷ᠎ᠠ᠂ ᠠᠷᠠᠳ ᠤᠨ | ᠠᠮᠢᠳᠤᠷᠠᠯ ᠤᠨ ᠵᠠᠷᠤᠯᠭ᠎ᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠪᠠ᠃ | ᠪᠦᠬᠦ ᠰᠢᠶᠠᠨ ᠤ ᠡᠩ ᠤᠨ ᠣᠯᠠᠨ ᠨᠡᠶᠢᠲᠡ ᠶᠢᠨ ᠦᠢᠯᠡᠴᠢᠯᠡᠭᠡ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ ᠪᠠ | ᠠᠵᠢᠯ ᠣᠯᠭᠤᠯᠲᠠ ᠵᠡᠷᠭᠡ ᠨᠠᠢᠮᠠᠨ ᠵᠦᠢᠯ ᠤᠨ ᠭᠤᠣᠯᠳᠠᠯᠭ᠎ᠠ ᠲᠠᠢ ᠵᠠᠷᠤᠯᠭ᠎ᠠ ᠶᠢ 240236 ᠲᠦᠮᠡᠨ ᠲᠥᠭᠦᠷᠢᠭ | ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 76.55% ᠶᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 94364 ᠲᠦᠮᠡᠨ ᠲᠥᠭᠦᠷᠢᠭ ᠨᠡᠮᠡᠭᠳᠡᠵᠦ᠂ 64.69% ᠪᠠᠷ ᠨᠡᠮᠡᠭᠳᠡᠪᠡ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ ᠠᠵᠢᠯ ᠣᠯᠭᠤᠵᠤ ᠠᠳᠠᠯ ᠦᠢᠯᠡᠰ | ᠴᠣᠭᠴᠠᠯᠠᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ︔ ᠰᠤᠷᠭᠠᠨ | ᠬᠥᠮᠦᠵᠢᠯ ᠤᠨ ᠵᠠᠷᠤᠯᠭ᠎ᠠ ︽ᠬᠤᠶᠠᠷ ᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ︾ ᠱᠠᠭᠠᠷᠳᠠᠯᠭ᠎ᠠ ᠳᠤ | ᠬᠦᠷᠴᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠰᠠᠶᠢᠵᠢᠷᠠᠪᠠ︔ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠪᠤᠷᠢ ᠢᠯᠡᠳᠲᠡ ᠳᠡᠭᠡᠭᠰᠢᠯᠡᠵᠦ᠂ ᠵᠦᠸᠧᠽᠢ ᠰᠢᠶᠠᠨ ᠤ | ᠠᠷᠠᠳ ᠤᠨ ᠡᠮᠨᠡᠯᠭᠡ ᠶᠢᠨ ᠬᠤᠷᠢᠶ᠎ᠠ ᠬᠥᠬᠡ ᠬᠤᠶᠠᠳᠤᠭᠠᠷ ᠲᠠᠰ ᠤᠨ ᠡᠮᠨᠡᠯᠭᠡ ᠶᠢᠨ ᠬᠤᠷᠢᠶ᠎ᠠ ᠪᠣᠯᠵᠤ᠂ ᠠᠷᠠᠳ ᠤᠨ | ᠠᠮᠢᠳᠤᠷᠠᠯ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠦᠨᠡᠨᠬᠦ ᠳᠡᠭᠡᠭᠰᠢᠯᠡᠭᠦᠯᠪᠡ᠃ | | ᠭᠤᠷᠪᠠ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠪᠠ | | ᠨᠢᠭᠡ ᠳᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠶᠢ ᠪᠦᠬᠦ ᠬᠦᠴᠦᠨ ᠢᠶᠠᠷ ᠢᠶᠠᠨ | ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ | ᠬᠡᠷᠡᠭᠯᠡᠭᠡ ᠶᠢ ᠠᠬᠢᠭᠤᠯᠬᠤ ᠮᠡᠳᠦ ᠶᠢᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠪᠥᠬᠦ | ᠬᠦᠴᠦᠨ ᠢᠶᠠᠷ ᠢᠶᠠᠨ ᠳᠡᠮᠵᠢᠵᠦ᠂ ᠪᠠᠷᠤᠭ 4000 ᠲᠦᠮᠡᠨ ᠲᠥᠭᠦᠷᠢᠭ ᠤᠨ ᠭᠠᠶᠢᠯᠢ ᠶᠢ ᠬᠥᠩᠭᠡᠯᠡᠵᠦ ᠰᠦᠢᠳᠬᠡᠯ ᠢ | ᠪᠠᠭᠤᠷᠠᠭᠤᠯᠤᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ | ᠠᠵᠤ ᠠᠬᠤᠶᠢᠯᠠᠯ ᠤᠨ ᠦᠢᠯᠡᠳᠪᠦᠷᠢᠯᠡᠯ ᠪᠠ ᠪᠡᠯᠡ ᠣᠷᠣᠭᠤᠯᠤᠯᠲᠠ ᠪᠠᠨ ᠥᠷᠭᠡᠳᠬᠡᠬᠦ ᠶᠢ ᠵᠣᠷᠢᠭᠵᠢᠭᠤᠯᠵᠤ᠂ ᠠᠵᠤ | ᠠᠬᠤᠶᠢᠯᠠᠯ ᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠂ ᠠᠵᠤ ᠠᠬᠤᠶᠢᠯᠠᠯ ᠤᠨ | ᠦᠷᠬᠦᠯᠵᠢᠯᠡᠬᠦᠶᠢᠴᠡ ᠭᠠᠶᠢᠯᠢ ᠲᠤᠰᠢᠶᠠᠬᠤ ᠴᠢᠳᠠᠪᠤᠷᠢ ᠶᠢ ᠳᠡᠭᠡᠭᠰᠢᠯᠡᠭᠦᠯᠪᠡ᠃ ᠲᠣᠰ ᠵᠢᠯ ᠤᠨ ᠨᠡᠭᠡᠭᠡᠨ ᠮᠠᠯᠲᠠᠬᠤ | ᠠᠭᠤᠷᠬᠠᠢ ᠶᠢᠨ ᠭᠠᠷᠤᠯᠲᠠ ᠮᠤᠯᠢᠪᠳᠧᠨ ᠤ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠵᠢᠴᠢ ᠪᠣᠷᠣᠯᠠᠭᠤᠯᠬᠤ ᠬᠡᠮᠵᠢᠶ᠎ᠡ | ᠴᠥᠮ ᠠᠳᠠᠯᠢ ᠬᠤᠭᠤᠴᠠᠭᠠᠨ ᠤ ᠬᠢ ᠠᠴᠠ ᠢᠯᠡᠷᠬᠡᠢ ᠨᠡᠮᠡᠭᠳᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ | ᠰᠠᠶᠢᠨ ᠪᠠᠶᠢᠵᠤ᠂ ᠭᠦᠸᠧ ᠴᠧᠩ ᠱᠢ ᠶᠧ ᠺᠤᠮᠫᠠᠨᠢ ᠶᠢᠨ ᠤᠷᠤᠯᠭ᠎ᠠ ᠨᠢ ᠠᠳᠠᠯᠢ ᠬᠤᠭᠤᠴᠠᠭᠠᠨ ᠤ ᠬᠢ ᠠᠴᠠ 8887 | ᠲᠦᠮᠡᠨ ᠲᠥᠭᠦᠷᠢᠭ ᠨᠡᠮᠡᠭᠳᠡᠪᠡ᠃ | ᠬᠤᠶᠠᠷ ᠲᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠶᠢ ᠢᠳᠡᠪᠬᠢᠲᠡᠢ ᠠᠬᠢᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠪᠡ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠬᠦ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠬᠦ ᠶᠢ ᠠᠬᠢᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠤ ᠬᠠᠤᠯᠢ | ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠠᠵᠤ ᠠᠬᠤᠶᠢᠯᠠᠯ ᠪᠠ ᠤᠯᠠᠨ ᠲᠦᠮᠡᠨ ᠤ ᠲᠤᠰᠬᠠᠯ ᠶᠡᠬᠡᠲᠡᠢ | ᠪᠠᠶᠢᠭ᠎ᠠ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ ᠮᠡᠲᠦ ᠶᠢᠨ ᠲᠣᠪᠣᠶᠢᠮ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠪᠡ᠃ 2023 ᠣᠨ ᠳᠤ ᠵᠦᠸᠧᠽᠢ ᠰᠢᠶᠠᠨ ᠤ ᠲᠣᠷᠭᠠᠵᠤ ᠬᠤᠷᠢᠶᠠᠭᠰᠠᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 35 ᠲᠦᠮᠡᠨ ᠲᠥᠭᠦᠷᠢᠭ ᠪᠠᠭᠠᠰᠴᠠᠢ᠃ | ᠭᠤᠷᠪᠠ ᠳᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠷᠢ ᠥᠭᠴᠡᠭᠡ ᠶᠢ ᠢᠳᠡᠪᠬᠢᠲᠡᠢ | ᠠᠷᠢᠯᠭᠠᠵᠤ᠂ ᠵᠠᠰᠠᠭ ᠤᠨ ᠣᠷᠳᠣᠨ ᠤ ᠨᠡᠶᠢᠲᠡ ᠶᠢᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠪᠡ᠃ 2023 ᠣᠨ ᠳᠤ᠂ | ᠪᠦᠬᠦ ᠰᠢᠶᠠᠨ ᠢᠶᠠᠷ ᠢᠶᠠᠨ ᠵᠠᠰᠠᠭ ᠤᠨ ᠣᠷᠳᠣᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ | ᠪᠠᠶᠢᠭ᠎ᠠ ᠥᠷᠢ ᠥᠭᠴᠡᠭᠡ ᠶᠢ 4.39 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠵᠠᠰᠠᠭ ᠤᠨ ᠣᠷᠳᠣᠨ ᠤ ᠤᠯᠠᠨ | ᠨᠡᠶᠢᠲᠡ ᠶᠢᠨ ᠢᠲᠡᠭᠡᠭᠦᠯᠬᠦ ᠬᠦᠴᠦᠨ ᠢ ᠲᠤᠶᠢᠯ ᠤᠨ ᠶᠡᠭᠡ ᠪᠠᠷ ᠳᠡᠭᠡᠭᠰᠢᠯᠡᠭᠦᠯᠵᠦ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠪᠤᠢ ᠪᠣᠯᠭᠠᠪᠠ᠃ | | |