ᠬᠠᠷᠠᠯᠲᠠ ᠪᠠᠨ ᠪᠠᠲᠤ ᠲᠣᠭᠲᠠᠭᠠᠵᠤ ᠬᠦᠴᠦ ᠪᠠᠨ ᠬᠠᠮᠲᠤᠳᠬᠠᠨ ᠬᠥᠪᠴᠢ ᠪᠠᠨ ᠴᠢᠩᠭᠠᠯᠠᠵᠤ ᠳᠠᠬᠢᠨ ᠮᠣᠷᠳᠠᠨ᠎ᠠ
ᠨᠡᠶᠢᠲᠡᠯᠡᠭᠰᠡᠨ ᠴᠠᠭ᠄
2024/3/26
ᠴᠠᠭ  ᠄ 2024-01-25ᠰᠤᠷᠪᠤᠯᠵᠢᠯᠠᠭ᠎ᠠ ᠬᠦᠯᠢᠶᠡᠭᠴᠢ᠄ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠨ ᠰᠢᠸ ᠫᠢᠩ     ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠭᠲᠠᠭᠠᠭᠰᠠᠨ ᠲᠤᠯᠤᠭᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ︽ᠰᠢᠨ᠎ᠡ ᠵᠠᠮ ᠨᠡᠭᠡᠭᠡᠵᠦ᠂ ᠠᠵᠤ ᠦᠢᠯᠡᠰ ᠢ ᠪᠣᠶᠢᠵᠢᠭᠤᠯᠵᠤ᠂ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠦᠨ᠂ ᠣᠷᠣᠨ ᠳᠡᠪᠰᠢᠬᠦ ᠪᠠᠷ ᠴᠢᠷᠮᠠᠶᠢᠬᠤ︾ ᠬᠠᠷᠠᠯᠲᠠ ᠶᠢ ᠲᠣᠭᠲᠠᠭᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠦᠨ ᠪᠥᠬᠦ ᠲᠠᠯ᠎ᠠ ᠪᠠᠷ ᠬᠦᠴᠦᠯᠡᠵᠦ᠂ ᠡᠯ᠎ᠡ ᠵᠦᠢᠯ ᠤᠨ ᠠᠵᠢᠯ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠵᠤ᠂ ᠪᠥᠬᠦ ᠬᠤᠲᠠ ᠶᠢᠨ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠪᠣᠯᠬᠤ ᠪᠠᠷ ᠴᠢᠷᠮᠠᠶᠢᠨ᠎ᠠ᠃ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ     ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠪᠦᠬᠦ ᠲᠠᠯ᠎ᠠ ᠳᠤ ᠵᠣᠭᠰᠣᠵᠤ᠂ ᠲᠤᠭ ᠢᠶᠠᠨ ᠥᠨᠳᠥᠷ ᠮᠠᠨᠳᠤᠭᠤᠯᠵᠤ᠂ ᠨᠢᠳᠤᠨᠤᠨ ᠤ ᠠᠵᠢᠯ ᠤᠨ ᠪᠤᠰᠤᠳᠴᠢ ᠪᠣᠳᠠᠲᠤ ᠪᠠᠶᠢᠳᠠᠯ ᠢᠶᠠᠨ ᠳ᠋ᠦᠩᠨᠡᠵᠦ᠂ ᠡᠨᠡ ᠵᠢᠯ ᠤᠨ ᠠᠵᠢᠯ ᠤᠨ ᠪᠣᠳᠠᠲᠠᠢ ᠶᠢ ᠡᠷᠬᠢᠮᠯᠡᠨ ᠰᠢᠨ᠎ᠡ ᠶᠢ ᠡᠷᠢᠯᠬᠢᠯᠡᠬᠦ ᠶᠢ ᠲᠥᠯᠥᠪᠵᠢᠭᠦᠯᠵᠦ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠬᠤ ᠮᠥᠷᠲᠡᠭᠡᠨ ᠠᠯᠤᠰ ᠬᠡᠳᠦ ᠶᠢ ᠪᠣᠳᠣᠯᠬᠢᠯᠠᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠬᠥᠮᠥᠰ ᠢ ᠤᠷᠮᠠᠰᠢᠭᠤᠯᠤᠨ ᠤᠷᠤᠭᠰᠢᠯᠠᠭᠤᠯᠤᠭᠰᠠᠨ ᠰᠠᠶᠢᠨ ᠢᠯᠡᠳᠬᠡᠯ ᠪᠣᠯᠣᠨ᠎ᠠ᠃︾ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠨ ᠰᠢᠸ ᠫᠢᠩ ᠰᠣᠷᠪᠤᠯᠵᠢᠯᠠᠭ᠎ᠠ ᠬᠦᠯᠢᠶᠡᠪᠡ᠃     ᠪᠠᠨ ᠰᠢᠸ ᠫᠢᠩ᠄ ᠡᠨᠡ ᠵᠢᠯ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠭᠲᠠᠭᠠᠭᠰᠠᠨ ᠲᠤᠯᠤᠭᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ︽ᠰᠢᠨ᠎ᠡ ᠵᠠᠮ ᠢ ᠨᠡᠭᠡᠭᠡᠬᠦ᠂ ᠠᠵᠤ ᠦᠢᠯᠡᠰ ᠢ ᠪᠣᠶᠢᠵᠢᠭᠤᠯᠬᠤ᠂ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ᠂ ᠣᠷᠣᠨ ᠳᠡᠪᠰᠢᠬᠦ ᠪᠠᠷ ᠴᠢᠷᠮᠠᠶᠢᠬᠤ︾ ᠬᠠᠷᠠᠯᠲᠠ ᠶᠢ ᠲᠣᠭᠲᠠᠭᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠦᠨ ᠪᠥᠬᠦ ᠲᠠᠯ᠎ᠠ ᠪᠠᠷ ᠬᠦᠴᠦᠯᠡᠵᠦ᠂ ᠡᠯ᠎ᠡ ᠵᠦᠢᠯ ᠤᠨ ᠠᠵᠢᠯ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠵᠤ᠂ ᠪᠥᠬᠦ ᠬᠤᠲᠠ ᠶᠢᠨ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠪᠣᠯᠬᠤ ᠪᠠᠷ ᠴᠢᠷᠮᠠᠶᠢᠨ᠎ᠠ᠃     ᠪᠠᠨ ᠰᠢᠸ ᠫᠢᠩ᠄ ᠡᠨᠡ ᠵᠢᠯ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠨᠡᠩ ᠶᠡᠭᠡ ᠬᠦᠴᠦᠯᠡᠴᠡ ᠪᠠᠷ ᠪᠡᠯᠡ ᠣᠷᠣᠭᠤᠯᠤᠯᠲᠠ ᠪᠠᠨ ᠥᠷᠭᠡᠳᠬᠡᠵᠦ᠂ ᠬᠥᠳᠡᠯᠭᠡᠬᠦ ᠬᠦᠴᠦᠨ ᠢᠶᠠᠨ ᠨᠡᠮᠡᠭᠳᠡᠭᠦᠯᠦᠨ᠎ᠡ᠃ ᠨᠢᠭᠡᠳᠦᠭᠡᠷ ᠠᠵᠤ ᠦᠢᠯᠡᠰ ᠤᠨ ᠲᠠᠯ᠎ᠠ ᠪᠠᠷ ᠤᠯᠤᠰ ᠤᠨ ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢᠨ ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠢ ᠶᠢᠨ ᠵᠢᠷᠭᠤᠭᠠᠨ ᠶᠡᠭᠡ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠬᠤ ᠪᠠ ᠲᠣᠭᠠᠴᠢᠯᠠᠯᠳᠡ ᠪᠠᠷ ᠡᠨᠧᠷᠭᠢ ᠣᠯᠭᠤᠬᠤ ᠶᠢ ᠲᠦᠯᠬᠢᠨ ᠠᠬᠢᠭᠤᠯᠵᠤ᠂ ᠠᠯᠠᠰᠢᠨ ᠦᠬᠡᠷ᠂ ᠲᠥᠮᠥᠰᠥ᠂ ᠵᠢᠮᠢᠰ ᠢᠳᠡᠰᠢᠨ ᠨᠣᠭᠤᠭ᠎ᠠ ᠵᠡᠷᠭᠡ ᠭᠤᠷᠪᠠᠨ ᠠᠵᠤ ᠦᠢᠯᠡᠰ ᠢ ᠲᠣᠰ ᠲᠣᠰ ᠠᠷᠪᠠᠨ ᠳ᠋ᠦᠩᠰᠢᠭᠤᠷ ᠦᠢᠯᠡᠳᠬᠦᠨ ᠤ ᠥᠷᠲᠡᠭ ᠠᠴᠠ ᠳᠠᠪᠠᠭᠤᠯᠬᠤ ᠶᠢ ᠭᠤᠣᠯᠳᠠᠯᠭ᠎ᠠ ᠲᠠᠢ ᠪᠡᠶᠡᠯᠡᠭᠦᠯᠵᠦ᠂ ᠭᠤᠣᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 78% ᠳᠤ ᠬᠦᠷᠦᠭᠦᠯᠦᠨ᠎ᠡ᠃ ᠬᠤᠶᠠᠳᠤᠭᠠᠷ ᠠᠵᠤ ᠦᠢᠯᠡᠰ ᠤᠨ ᠲᠠᠯ᠎ᠠ ᠪᠠᠷ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠲᠠᠯ᠎ᠠ ᠪᠠᠷ᠂ ᠲᠡᠮᠦᠷ ᠤᠨ ᠬᠠᠶᠢᠯᠤᠰᠢ ᠭᠡᠬᠦ ᠡᠨᠡᠬᠦ ᠭᠤᠣᠯ ᠠᠵᠤ ᠦᠢᠯᠡᠰ ᠢ ᠪᠠᠬᠢᠵᠢᠭᠦᠯᠦᠨ ᠬᠥᠭᠵᠢᠭᠦᠯᠵᠦ᠂ ᠪᠣᠬᠢᠷᠲᠤᠯ ᠦᠭᠡᠢ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠬᠡᠷᠡᠭᠲᠡᠢ︔ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠪᠠ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ᠂ ᠮᠧᠩ ᠨᠧᠩ ᠤᠨ 100 ᠲᠦᠮᠡᠨ ᠺᠢᠯᠣᠸᠠᠲ ᠤᠨ ᠥᠩᠭᠡ ᠦᠵᠡᠮᠵᠢ ᠨᠥᠭᠡᠴᠡᠯᠡᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠭᠤᠣᠯᠳᠠᠯᠭ᠎ᠠ ᠲᠠᠢ ᠠᠬᠢᠭᠤᠯᠤᠨ᠎ᠠ︔ ᠪᠠᠰᠠ ᠨᠢᠭᠡ ᠪᠦᠯᠦᠭ ᠰᠢᠨ᠎ᠡ ᠮᠠᠲ᠋ᠧᠷᠢᠶᠠᠯ᠂ ᠮᠡᠳᠡᠭᠡ ᠵᠠᠩᠭᠢ ᠶᠢᠨ ᠮᠡᠷᠭᠡᠵᠢᠯ᠂ ᠤᠶᠤᠯᠢᠭ ᠦᠢᠯᠡᠳᠬᠦ ᠦᠢᠯᠡᠰ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠵᠦᠢᠯᠡᠰ ᠢ ᠣᠷᠣᠭᠤᠯᠤᠨ ᠠᠪᠴᠢᠷᠠᠵᠤ᠂ ᠤᠯᠤᠰ ᠤᠨ ᠳᠣᠲᠣᠭᠠᠳᠤ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 15% ᠠᠴᠠ ᠳᠡᠭᠡᠭᠰᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠭᠤᠷᠪᠠᠳᠤᠭᠠᠷ ᠠᠵᠤ ᠦᠢᠯᠡᠰ ᠤᠨ ᠲᠠᠯ᠎ᠠ ᠪᠠᠷ ᠬᠥᠮᠥᠰ ᠤᠨ ᠠᠩᠬᠠᠷᠤᠯ ᠢ ᠲᠠᠲᠠᠬᠤ᠂ ᠬᠤᠳᠠᠯᠳᠤᠭᠠᠨ ᠤ ᠠᠭᠤᠷ ᠠᠮᠢᠰᠬᠤᠯ᠂ ᠠᠮᠢᠳᠤᠷᠠᠯ ᠤᠨ ᠠᠭᠤᠷ ᠠᠮᠢᠰᠬᠤᠯ ᠢ ᠲᠥᠪᠯᠡᠷᠡᠭᠦᠯᠬᠦ ᠶᠢᠨ ᠲᠣᠭᠤᠷᠢᠨ ᠳᠤ᠂ ᠬᠥᠳᠡᠭᠡ ᠠᠵᠤ ᠠᠬᠤᠢ ᠰᠣᠶᠣᠯ ᠤᠨ ᠵᠤᠭᠠᠴᠠᠯ ᠤᠨ ᠭᠦᠨᠵᠡᠭᠡᠢ ᠠᠭᠤᠰᠤᠯᠴᠠᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠯᠠᠭᠠᠨᠴᠠᠪ ᠤᠨ ᠰᠥᠨᠢ ᠶᠢᠨ ᠵᠡᠭᠡᠯᠢ ᠲᠣᠭᠤᠷᠢᠭ᠂ ᠤᠲ᠋ᠥᠯᠠᠶᠢᠰ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠨᠠᠨ ᠼᠦᠨ ᠲᠣᠰᠬᠤᠨ ᠤ ᠨᠢᠦ  ᠼᠦᠨ ᠲᠣᠰᠬᠤᠨ ᠵᠡᠷᠭᠡ ᠣᠨᠴᠠᠯᠢᠭᠲᠤ ᠠᠷᠠᠳ ᠤᠨ ᠣᠷᠣᠨ ᠰᠠᠭᠤᠴᠠ ᠶᠢ ᠦᠷᠭᠦᠯᠵᠢᠯᠡᠨ ᠰᠠᠶᠢᠲᠤᠷ ᠪᠠᠶᠢᠭᠤᠯᠵᠤ᠂ ᠤᠯᠠᠭᠠᠨᠴᠠᠪ ᠤᠨ ᠵᠤᠭᠠᠴᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠤᠨ᠎ᠡ᠃ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠪᠤᠶᠠᠨ ᠵᠢᠷᠭᠠᠯ ᠢ ᠨᠡᠮᠡᠭᠳᠡᠭᠦᠯᠬᠦ᠂ ᠠᠮᠢ ᠠᠬᠤᠢ ᠶᠢ ᠰᠢᠯᠢᠳᠡᠭᠵᠢᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠨᠡᠩ ᠶᠡᠭᠡ ᠡᠷᠴᠢᠮ ᠢᠶᠠᠷ ᠬᠦᠴᠦᠯᠡᠵᠦ᠂ ︽ᠳᠤᠯᠠᠭᠠᠯᠠᠬᠤ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ︽ᠠᠷᠪᠠ︾ ᠶᠢᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠠᠶᠢᠲᠤᠷ ᠨᠠᠶᠢᠳᠠᠪᠤᠷᠢᠵᠢᠭᠤᠯᠵᠤ᠂ ᠤᠯᠠᠨ ᠲᠦᠮᠡᠨ ᠳᠤ ᠮᠡᠳᠡᠷᠡᠭᠳᠡᠵᠦ ᠪᠣᠯᠬᠤ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠡᠳᠬᠢᠯᠭᠡ ᠪᠠᠷ ᠢᠶᠠᠨ ᠰᠠᠶᠢᠲᠤᠷ ᠬᠢᠬᠦ ᠬᠡᠷᠡᠭᠲᠡᠢ︔ ᠴᠢᠳᠠᠪᠤᠷᠢᠲᠠᠨ ᠡᠯᠰᠡᠵᠦ ᠤᠶᠤᠨ ᠮᠡᠳᠡᠯᠭᠡ ᠶᠢ ᠣᠷᠣᠭᠤᠯᠬᠤ ᠠᠵᠢᠯ ᠢ ᠶᠡᠬᠡᠪᠡᠷ ᠥᠷᠨᠢᠭᠦᠯᠵᠦ᠂ ᠣᠨᠴᠠᠭᠠᠶᠢᠯᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠯ᠎ᠠ ᠪᠠᠷ ᠲᠡᠮᠦᠷᠯᠢᠭ ᠪᠣᠯᠪᠠᠰᠤᠷᠠᠭᠤᠯᠬᠤ ᠵᠡᠷᠭᠡ ᠠᠵᠤ ᠦᠢᠯᠡᠰ ᠤᠨ ᠬᠠᠮᠢᠶ᠎ᠠ ᠪᠦᠬᠦᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠲᠠᠬᠢᠨ ᠣᠷᠣᠭᠤᠯᠤᠨ ᠠᠪᠴᠢᠷᠠᠵᠤ᠂ ᠰᠤᠷᠭᠠᠭᠤᠯᠢ ᠪᠠ ᠠᠵᠤ ᠠᠬᠤᠶᠢᠯᠠᠯ ᠢ ᠠᠭᠤᠰᠤᠯᠴᠠᠭᠤᠯᠬᠤ᠂ ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠦᠢᠯᠡᠳᠪᠦᠷᠢᠯᠡᠯ ᠪᠠ ᠬᠤᠳᠠ ᠶᠢ ᠠᠭᠤᠰᠤᠯᠴᠠᠭᠤᠯᠬᠤ ᠶᠢ ᠪᠡᠶᠡᠯᠡᠭᠦᠯᠬᠦ ᠳᠤ ᠨᠡᠩ ᠰᠠᠶᠢᠨ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ᠢᠮᠠᠭᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ︽ᠭᠤᠷᠪᠠᠨ ᠤᠮᠠᠷᠠᠲᠤ ᠶᠢᠨ ᠢᠨᠵᠧᠨᠧᠷᠢᠩ︾ ᠤᠨ ᠲᠥᠷᠥ ᠶᠢᠨ ᠪᠣᠳᠣᠯᠭ᠎ᠠ ᠶᠢᠨ ᠴᠣᠩᠬᠤᠪᠴᠢ ᠬᠤᠭᠤᠴᠠᠭ᠎ᠠ ᠶᠢ ᠵᠠᠪᠳᠤᠨ ᠠᠳᠬᠤᠵᠤ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠷ᠎ᠠ ᠬᠤᠰᠢᠭᠤᠲᠤ ᠲᠠᠩᠭᠢᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠢ ᠶᠢᠨ ᠵᠠᠰᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠰᠠᠶᠢᠲᠤᠷ ᠪᠠᠬᠢᠵᠢᠭᠦᠯᠵᠦ᠂ ᠵᠢᠯ ᠤᠨ ᠳᠣᠲᠣᠷ᠎ᠠ 7.8 ᠲᠦᠮᠡᠨ ᠮᠦ ᠣᠶ ᠰᠢᠭᠤᠢ ᠡᠪᠡᠰᠦᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠨ ᠰᠡᠷᠭᠦᠭᠡᠬᠦ ᠡᠭᠦᠷᠭᠡ ᠶᠢ ᠪᠡᠶᠡᠯᠡᠭᠦᠯᠦᠨ᠎ᠡ᠃     ᠪᠠᠨ ᠰᠢᠸ ᠫᠢᠩ᠄ ᠬᠥᠭᠵᠢᠭᠦᠯᠬᠦ ᠪᠣᠯ ᠬᠠᠲᠠᠭᠤ ᠶᠣᠰᠣ᠃ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠬᠠᠷᠠᠯᠲᠠ ᠪᠠᠨ ᠪᠠᠲᠤ ᠪᠠᠷᠢᠮᠲᠠᠯᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠦᠨᠡᠨ ᠪᠣᠳᠠᠲᠠᠢ ᠠᠵᠢᠯᠯᠠᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠪᠠᠶᠢᠭᠠᠳ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠯᠭᠠᠯᠲᠠ ᠶᠢᠨ ᠬᠠᠭᠤᠳᠠᠰᠤ ᠶᠢ ᠲᠤᠰᠢᠶᠠᠬᠤ ᠪᠣᠯᠣᠨ᠎ᠠ᠃                         ᠵᠤᠬᠢᠶᠠᠭᠴᠢ᠄ ᠯᠢ ᠵᠢᠩ                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ                                                
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2