ᠬᠦᠴᠢᠷ ᠢ ᠲᠤᠭᠤᠯᠤᠨ ᠳᠠᠪᠠᠵᠤ ᠬᠥᠭᠵᠢᠯᠲᠡ ᠶᠢ ᠲᠡᠮᠡᠴᠡᠨ ᠰᠢᠨ᠎ᠡ ᠶᠢ ᠡᠭᠦᠳᠴᠦ ᠪᠣᠳᠠᠲᠠᠢ ᠠᠵᠢᠯᠯᠠᠨ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠨ᠎ᠡ
ᠨᠡᠶᠢᠲᠡᠯᠡᠭᠰᠡᠨ ᠴᠠᠭ᠄
2024/3/26
ᠴᠠᠭ᠄ 2024-02-07ᠰᠤᠷᠪᠤᠯᠵᠢᠯᠠᠭ᠎ᠠ ᠬᠦᠯᠢᠶᠡᠭᠴᠢ᠄ ᠯᠢᠶᠡᠩᠴᠧᠩ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩᠳᠤᠪᠴᠢ ᠠᠭᠤᠯᠭ᠎ᠠ     ᠯᠢᠶᠡᠩᠴᠧᠩ ᠰᠢᠶᠠᠨ ᠤ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠦᠨᠡᠨᠬᠦ ᠠᠳᠬᠤᠨ ᠪᠣᠳᠠᠲᠠᠢ ᠠᠵᠢᠯᠯᠠᠵᠤ᠂ ᠡᠷᠡᠯᠬᠡᠭᠯᠡᠨ ᠲᠡᠮᠡᠴᠡᠵᠦ᠂ ᠡᠷᠡᠰ ᠭᠤᠶᠢᠪᠢᠰᠢ ᠦᠭᠡᠢ ᠢᠲᠡᠭᠡᠯ ᠪᠢᠰᠢᠷᠡᠯ᠂ ᠡᠭᠦᠷᠢᠳᠡ ᠬᠤᠶᠢᠷᠭᠤᠰᠢᠬᠤ ᠦᠭᠡᠢ ᠵᠣᠷᠢᠭ ᠰᠠᠨᠠᠭ᠎ᠠ᠂ ᠰᠢᠷᠭᠠᠭᠤ ᠬᠠᠲᠠᠭᠤᠵᠢᠯᠲᠠᠢ ᠠᠵᠢᠯᠯᠠᠬᠤ ᠰᠤᠷᠲᠠᠯ᠂ ᠤᠯᠠᠨ ᠤ ᠵᠣᠷᠢᠭ ᠢᠶᠠᠷ ᠬᠦᠴᠦ ᠪᠠᠨ ᠬᠠᠮᠲᠤᠳᠬᠠᠬᠤ ᠵᠣᠷᠢᠭ ᠢᠶᠠᠷ ᠣᠳᠣᠬᠢᠴᠢᠯᠠᠭᠰᠠᠨ ᠰᠠᠶᠢᠨ ᠰᠠᠶᠢᠬᠠᠨ ᠯᠢᠶᠡᠩᠴᠧᠩ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠠᠮᠵᠢᠯᠲᠠ ᠪᠦᠲᠦᠮᠵᠢ ᠶᠢ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠪᠤᠰᠤᠳᠴᠢ ᠪᠥᠭᠡᠳ ᠪᠦᠬᠦ ᠲᠠᠯ᠎ᠠ ᠶᠢᠨ ᠪᠠᠶᠢᠵᠤ᠂ ᠬᠥᠭᠵᠢᠯᠲᠡ ᠶᠢᠨ ᠬᠠᠷᠠᠯᠲᠠ ᠶᠢ ᠲᠣᠳᠣᠷᠬᠠᠢ ᠲᠥᠯᠥᠪᠯᠡᠵᠦ᠂ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠪᠦᠬᠦ ᠬᠤᠲᠠ ᠶᠢᠨ ᠡᠨᠡ ᠵᠢᠯ ᠤᠨ ᠠᠵᠢᠯ ᠳᠤ ᠲᠣᠳᠣᠷᠬᠠᠢ ᠠᠵᠢᠯᠯᠠᠭᠠᠨ ᠤ ᠵᠦᠭᠯᠡᠭᠦᠷ ᠬᠠᠩᠭᠠᠭᠰᠠᠨ ᠪᠣᠯᠬᠤᠷ ᠬᠥᠮᠥᠰ ᠤᠨ ᠰᠡᠳᠬᠢᠯ ᠢ ᠬᠥᠭᠵᠢᠭᠡᠭᠰᠡᠨ ᠢᠯᠡᠳᠬᠡᠯ ᠮᠥᠨ᠃︾ ᠯᠢᠶᠡᠩᠴᠧᠩ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠣᠷᠪᠤᠯᠵᠢᠯᠠᠭ᠎ᠠ ᠬᠦᠯᠢᠶᠡᠪᠡ᠃     2023 ᠣᠨ ᠳᠤ᠂ ᠯᠢᠶᠡᠩᠴᠧᠩ ᠰᠢᠶᠠᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠶᠢ ᠤᠬᠠᠮᠰᠠᠷ ᠠᠴᠠ ᠪᠠᠨ ᠡᠯ᠎ᠡ ᠵᠦᠢᠯ ᠤᠨ ᠠᠵᠢᠯ ᠤᠨ ᠢᠶᠠᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠰᠢᠶᠠᠨ ᠤ ᠡᠯ᠎ᠡ ᠵᠦᠢᠯ ᠤᠨ ᠠᠵᠢᠯ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠡ᠃     ᠰᠢᠨ᠎ᠡ ᠪᠠᠶᠢᠳᠠᠯ᠂ ᠰᠢᠨ᠎ᠡ ᠡᠭᠦᠷᠭᠡ ᠶᠢᠨ ᠡᠮᠦᠨ᠎ᠡ᠂ ᠯᠢᠶᠡᠩᠴᠧᠩ ᠰᠢᠶᠠᠨ ᠤ ᠬᠢᠨ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠰᠤᠷᠤᠯᠴᠠᠨ  ᠳᠤᠭᠤᠰᠢᠯᠠᠭᠤᠯᠬᠤ ᠪᠤᠢ︖ ᠬᠥᠭᠵᠢᠯᠲᠡ ᠶᠢ ᠬᠡᠷᠬᠢᠨ ᠲᠦᠷᠭᠡᠳᠬᠡᠬᠦ ᠪᠤᠢ︖ ᠵᠧᠩ ᠳ᠋ᠦᠩ ᠫᠢᠩ ᠢᠯᠡᠷᠬᠡᠶᠢᠯᠡᠭᠰᠡᠨ ᠨᠢ᠂ ᠭᠤᠣᠯᠳᠠᠯᠭ᠎ᠠ ᠶᠢ ᠭᠤᠷᠪᠠᠨ ᠲᠠᠯ᠎ᠠ ᠪᠠᠷ ᠨᠠᠶᠢᠳᠠᠪᠤᠷᠢᠵᠢᠭᠤᠯᠤᠨ᠎ᠠ᠃     ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ ᠯᠢᠶᠡᠩᠴᠧᠩ ᠰᠢᠶᠠᠨ ᠤ ᠳᠠᠷᠢᠵᠤ ᠲᠡᠵᠢᠭᠡᠬᠦ ᠰᠠᠭᠤᠷᠢ ᠰᠠᠶᠢᠨ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠯᠢᠶᠡᠩᠴᠧᠩ ᠤᠨ ᠬᠠᠭᠤᠷᠠᠢ ᠠᠮᠤ︾ ᠶᠢᠨ ᠣᠷᠭᠠᠨᠢᠭ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ︔ ᠪᠡᠯᠡᠳᠭᠡᠮᠵᠢᠳᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠪᠡᠯᠡᠳᠭᠡᠮᠵᠢᠳᠤ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠢᠯ ᠤᠨ ᠳᠣᠲᠣᠷ᠎ᠠ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠤᠨ᠎ᠠ︔ ᠣᠲᠣ ᠦᠶ᠎ᠡ ᠶᠢᠨ ᠰᠠᠭᠠᠯᠢ ᠶᠢᠨ ᠦᠢᠯᠡᠰ ᠤᠨ ᠰᠠᠭᠤᠷᠢᠨ ᠭᠠᠵᠠᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠬᠤ ᠶᠢ ᠲᠡᠳᠬᠦᠨ ᠳᠡᠮᠵᠢᠵᠦ᠂ ᠵᠢᠯ ᠤᠨ ᠳᠣᠲᠣᠷ᠎ᠠ 7 ᠲᠦᠮᠡᠨ ᠰᠠᠭᠠᠯᠢ ᠶᠢᠨ ᠦᠨᠢᠶ᠎ᠡ ᠲᠠᠢ ᠪᠣᠯᠭᠠᠬᠤ ᠪᠠᠷ ᠴᠢᠷᠮᠠᠶᠢᠨ᠎ᠠ︔ ᠠᠯᠠᠰᠢᠨ ᠦᠬᠡᠷ ᠢ ᠳᠠᠬᠢᠨ ᠢᠶᠠᠷ ᠨᠡᠮᠡᠭᠳᠡᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ ᠂ᠵᠢᠯ ᠤᠨ ᠳᠣᠲᠣᠷ᠎ᠠ ᠠᠯᠠᠰᠢᠨ ᠦᠬᠡᠷ ᠤᠨ ᠲᠤᠭ᠎ᠠ ᠲᠣᠯᠣᠭᠠᠢ ᠶᠢ 8 ᠲᠦᠮᠡ ᠳᠤ ᠬᠦᠷᠦᠭᠦᠯᠬᠦ ᠪᠠᠷ ᠴᠢᠷᠮᠠᠶᠢᠨ᠎ᠠ᠃     ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ 150 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠡᠷᠲᠡᠬᠡᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ 120 ᠲᠦᠮᠡᠨ ᠺᠢᠯᠣᠸᠠᠲ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠪᠠ 120 ᠲᠦᠮᠡᠨ ᠺᠢᠯᠣᠸᠠᠲ ᠤᠨ ᠴᠠᠭ ᠤᠨ ᠴᠠᠬᠢᠯᠭᠠᠨ ᠤ ᠬᠡᠮᠵᠢᠶᠡᠨ ᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ︔ ᠪᠣᠬᠢᠷᠲᠤᠯ ᠦᠭᠡᠢ ᠴᠠᠬᠢᠯᠭᠠᠨ ᠤ ᠬᠡᠪᠴᠢᠶ᠎ᠡ ᠶᠢ ᠨᠡᠮᠡᠭᠳᠡᠭᠦᠯᠵᠦ᠂ ᠪᠣᠬᠢᠷᠲᠤᠯ ᠦᠭᠡᠢ ᠡᠨᠧᠷᠭᠢ ᠶᠢᠨ ᠭᠠᠷᠭᠠᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠪᠣᠶ ᠪᠣᠯᠭᠠᠨ᠎ᠠ︔ ᠵᠢᠩ ᠨᠧᠩ ᠳ᠋ᠠᠢ ᠴᠠᠬᠢᠯᠭᠠᠨ ᠤ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠢᠳᠡᠪᠬᠢᠲᠡᠢ ᠴᠢᠷᠮᠠᠶᠢᠨ᠎ᠠ᠃     ︽ᠪᠦᠬᠦ ᠴᠠᠷᠠᠭ᠎ᠠ ᠪᠦᠬᠦ ᠤᠯᠠᠷᠢᠯ︾ ᠤᠨ ᠵᠢᠭᠤᠯᠴᠢᠯᠠᠯ ᠤᠨ ᠪᠠᠶᠢᠷᠢᠰᠢᠯ ᠢ ᠪᠠᠶᠢᠭᠤᠯᠤᠨ᠎ᠠ᠃ ᠯᠢᠶᠡᠩᠴᠧᠩ ᠰᠢᠶᠠᠨ ᠤ ᠵᠢᠭᠤᠯᠴᠢᠯᠠᠯ ᠤᠨ ᠡᠬᠢ ᠪᠠᠶᠠᠯᠢᠭ ᠤᠨ ᠲᠥᠪᠯᠡᠷᠡᠯ ᠤᠨ ᠬᠡᠮᠵᠢᠶ᠎ᠡ ᠪᠥᠬᠦ ᠬᠤᠲᠠ ᠳᠤ ᠴᠣᠷ ᠤᠨ ᠭᠠᠭᠴᠠ ᠪᠠᠶᠢᠵᠤ᠂ ᠪᠥᠬᠦ ᠣᠷᠣᠨ ᠳᠤ ᠴᠥᠭᠡᠨ ᠪᠠᠶᠢᠳᠠᠭ ᠪᠣᠯᠪᠠᠴᠤ ᠤᠬᠠᠭᠠᠯᠠᠨ ᠲᠥᠯᠥᠪᠯᠡᠵᠦ ᠪᠣᠭᠤᠳᠠᠯᠯᠠᠬᠤ ᠪᠠᠷ ᠳᠤᠲᠠᠮᠠᠭ ᠪᠠᠶᠢᠳᠠᠭ᠃ 2024 ᠣᠨ ᠳᠤ᠂ ᠯᠢᠶᠡᠩᠴᠧᠩ ᠰᠢᠶᠠᠨ ᠤ ᠬᠢᠨ ᠪᠣᠳᠠᠲᠤ ᠬᠦᠴᠦᠨ ᠲᠠᠢ ᠬᠠᠮᠲᠤᠷᠠᠯᠴᠠᠭᠠᠨ ᠤ ᠬᠠᠨᠢᠲᠠᠨ ᠢ ᠢᠳᠡᠪᠬᠢᠲᠡᠢ ᠡᠷᠢᠯᠬᠢᠯᠡᠵᠦ᠂ ᠪᠦᠬᠦ ᠰᠢᠶᠠᠨ ᠤ ᠵᠤᠭᠠᠴᠠᠯ ᠤᠨ ᠡᠬᠢ ᠪᠠᠶᠠᠯᠢᠭ ᠢ ᠪᠦᠬᠦ ᠲᠠᠯ᠎ᠠ ᠪᠠᠷ ᠲᠥᠯᠥᠪᠵᠢᠭᠦᠯᠵᠦ᠂ ᠡᠷᠬᠢᠨ ᠲᠣᠭᠤᠷᠢᠨ ᠤ ᠬᠤᠰᠢᠭᠤ ᠰᠢᠶᠠᠨ ᠤ ᠨᠡᠷᠡᠳᠦ ᠦᠵᠡᠮᠵᠢ ᠶᠢᠨ ᠣᠷᠣᠨ ᠲᠠᠢ ᠬᠤᠯᠪᠣᠭᠠᠯᠠᠵᠤ᠂ ᠰᠣᠳᠣᠨ ᠵᠤᠭᠠᠴᠠᠯ᠂ ᠣᠬᠤᠷ ᠬᠤᠭᠤᠴᠠᠭᠠᠨ ᠤ ᠵᠤᠭᠠᠴᠠᠯ᠂ ᠨᠢᠭᠡ ᠡᠳᠦᠷ ᠤᠨ ᠵᠤᠭᠠᠴᠠᠯ᠂ ᠰᠦᠯᠵᠢᠶᠡᠨ ᠤ ᠺᠠᠷᠲᠯᠠᠭᠰᠠᠨ ᠭᠠᠵᠠᠷ ᠵᠡᠷᠭᠡ ᠵᠠᠮ ᠱᠤᠭᠤᠮ ᠤᠨ ᠬᠠᠮᠲᠤᠷᠠᠯ ᠢ ᠲᠥᠰᠥᠪᠯᠡᠵᠦ᠂ ᠥᠷᠭᠡᠨ ᠠᠭᠤᠳᠠᠮ ᠵᠤᠭᠠᠴᠠᠭᠰᠠᠳ ᠢ ᠲᠠᠲᠠᠬᠤ ᠪᠣᠯᠣᠨ᠎ᠠ᠃     ᠡᠭᠦᠨ ᠠᠴᠠ ᠭᠠᠳᠠᠨ᠎ᠠ᠂ ᠯᠢᠶᠡᠩᠴᠧᠩ ᠰᠢᠶᠠᠨ ᠤ ᠬᠢᠨ ᠪᠠᠰᠠ ︽ᠬᠠᠯᠠᠭᠤᠨ ᠳᠤᠯᠠᠭᠠᠨ ᠤ ᠢᠨᠵᠧᠨᠧᠷᠢᠩ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠪᠢᠯᠠᠨ ᠭᠠᠮᠨᠠᠵᠤ ᠠᠮᠢᠳᠤᠷᠠᠬᠤ ᠱᠠᠭᠠᠷᠳᠠᠯᠭ᠎ᠠ ᠶᠢ ᠢᠮᠠᠭᠲᠠ ᠳᠤᠭᠤᠰᠢᠯᠠᠭᠤᠯᠵᠤ᠂ ᠨᠠᠩ ᠣᠯᠠᠨ ᠪᠡᠯᠡ ᠮᠥᠩᠭᠦ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠣᠷᠣᠭᠤᠯᠬᠤ ᠪᠣᠯᠣᠨ᠎ᠠ᠃     ᠢᠷᠡᠭᠡᠳᠦᠢ ᠪᠠᠨ ᠪᠠᠷᠠᠯᠠᠬᠤᠶ᠎ᠠ᠂ ᠵᠧᠩ ᠳ᠋ᠦᠩ ᠫᠢᠩ ᠢᠲᠡᠭᠡᠯ ᠳᠦᠭᠦᠷᠡᠩ ᠪᠠᠶᠢᠨ᠎ᠠ᠃ ᠲᠡᠷᠡ᠂ ᠯᠢᠶᠡᠩᠴᠧᠩ ᠰᠢᠶᠠᠨ ᠤ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠦᠨᠡᠨᠬᠦ ᠠᠳᠬᠤᠨ ᠪᠣᠳᠠᠲᠠᠢ ᠠᠵᠢᠯᠯᠠᠵᠤ᠂ ᠡᠷᠡᠯᠬᠡᠭᠯᠡᠨ ᠲᠡᠮᠡᠴᠡᠵᠦ᠂ ᠭᠤᠶᠢᠪᠢᠰᠢ ᠦᠭᠡᠢ ᠢᠲᠡᠭᠡᠯ ᠵᠣᠷᠢᠭ᠂ ᠡᠭᠦᠷᠢᠳᠡ ᠬᠤᠶᠢᠷᠭᠤᠰᠢᠬᠤ ᠦᠭᠡᠢ ᠵᠣᠷᠢᠭ ᠰᠠᠨᠠᠭ᠎ᠠ᠂ ᠰᠢᠷᠭᠠᠭᠤ ᠬᠠᠲᠠᠭᠤᠵᠢᠯᠲᠠᠢ ᠠᠵᠢᠯᠯᠠᠬᠤ ᠰᠤᠷᠲᠠᠯ᠂ ᠤᠯᠠᠨ ᠤ ᠵᠣᠷᠢᠭ ᠢᠶᠠᠷ ᠬᠦᠴᠦ ᠪᠠᠨ ᠬᠠᠮᠲᠤᠳᠬᠠᠬᠤ ᠵᠣᠷᠢᠭ ᠢᠶᠠᠷ ᠣᠳᠣᠬᠢᠴᠢᠯᠠᠭᠰᠠᠨ ᠰᠠᠶᠢᠨ ᠰᠠᠶᠢᠬᠠᠨ ᠯᠢᠶᠡᠩᠴᠧᠩ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ ᠭᠡᠵᠦ ᠢᠯᠡᠳᠬᠡᠪᠡ᠃                                         ᠵᠤᠬᠢᠶᠠᠭᠴᠢ᠄ ᠰᠠᠶᠢᠨ᠎ᠠ                                         ᠤᠷᠴᠢᠭᠤᠯᠤᠭᠴᠢ᠄ ᠬᠦᠰᠡᠯ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2