ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠰᠢᠩ ᠾᠧ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/27
    3 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠰᠢᠩ ᠾᠧ ᠰᠢᠶᠠᠨ ᠳᠤ ᠭᠦᠨᠵᠡᠭᠡᠶᠢᠷᠡᠨ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ᠂ ᠠᠮᠢ ᠠᠬᠤᠢ ᠶᠢᠨ ᠬᠠᠮᠠᠭᠠᠯᠠᠯᠲᠠ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠪᠣᠳᠠᠲᠠᠢ ᠭᠠᠵᠠᠷ ᠲᠤᠨᠢ ᠪᠠᠶᠢᠴᠠᠭᠠᠨ ᠰᠤᠳᠤᠯᠪᠠ᠃     ᠰᠦᠢ ᠸᠧᠢ ᠵᠢᠶᠦ᠋ᠨ ᠬᠢᠬᠢᠷᠢ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠢ ᠶᠢᠨ ᠬᠠᠮᠠᠭᠠᠯᠠᠯᠲᠠ ᠶᠢᠨ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠥᠪ ᠲᠤ ᠬᠦᠷᠴᠦ᠂ ᠬᠢᠬᠢᠷᠢ ᠶᠢᠨ ᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠰᠤᠨ ᠤ ᠴᠢᠨᠠᠷ ᠪᠣᠯᠣᠨ ᠤᠷᠭᠤᠮᠠᠯ ᠤᠨ ᠬᠤᠴᠢᠯᠭ᠎ᠠ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠤᠵᠢᠷᠯᠢᠭ ᠭᠠᠵᠠᠷ ᠢ ᠵᠠᠰᠠᠬᠤ ᠶᠢ ᠴᠢᠩᠭᠠᠳᠬᠠᠵᠤ᠂ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠬᠠᠮᠠᠭᠠᠯᠠᠯᠲᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠭᠡᠵᠦ ᠬᠡᠯᠡᠪᠡ᠃    ᠰᠧ ᠸᠧᠢ ᠠᠮᠢ ᠠᠬᠤᠢ ᠶᠢᠨ ᠭᠦᠵᠡᠯᠵᠡᠭᠡᠨ᠎ᠡ ᠶᠢᠨ ᠲᠠᠷᠢᠮᠠᠯ ᠤᠨ ᠦᠢᠯᠡᠳᠪᠦᠷᠢ᠂ ᠲᠢᠶᠠᠨ ᠵᠢᠶᠧ ᠰᠠᠯᠬᠢᠨ ᠬᠦᠴᠦᠨ ᠤ ᠴᠠᠬᠢᠯᠭᠠᠨ ᠤ ᠡᠨᠧᠷᠭᠢ᠂ ᠶᠦᠩ ᠱᠧᠩ ᠰᠢᠨ᠎ᠡ ᠮᠠᠲ᠋ᠧᠷᠢᠶᠠᠯ᠂ ᠬᠠᠢ ᠲᠠᠢ ︵ᠰᠢᠩ ᠾᠧ︶ ᠰᠢᠨ ᠨᠧᠩ ᠰᠢᠨ᠎ᠡ ᠡᠨᠧᠷᠭᠢ ᠵᠡᠷᠭᠡ ᠺᠣᠮᠫᠠᠨᠢ ᠳᠤ᠂ ᠰᠦᠢ ᠸᠧᠢ ᠵᠢᠶᠦ᠋ᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠬᠢᠨᠠᠮᠠᠭᠠᠢ ᠰᠣᠨᠣᠰᠪᠠ᠃ ᠲᠡᠷᠡ᠂ ᠠᠵᠤ ᠠᠬᠤᠶᠢᠯᠠᠯ ᠤᠳ ᠦᠢᠯᠡᠳᠬᠦᠨ ᠤ ᠤᠷᠠᠯᠠᠯ ᠪᠠ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠵᠦ᠂ ᠥᠪᠡᠷ ᠤᠨ ᠥᠷᠲᠡᠭ ᠢᠶᠠᠨ ᠪᠠᠭᠤᠷᠠᠭᠤᠯᠤᠨ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠦᠷ᠎ᠡ ᠠᠰᠢᠭ ᠢᠶᠠᠨ ᠨᠡᠮᠡᠭᠳᠡᠭᠦᠯᠦᠨ᠂ ᠦᠢᠯᠡᠳᠬᠦᠨ ᠤ ᠭᠤᠣᠯᠯᠠᠬᠤ ᠥᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠡᠯ᠎ᠡ ᠱᠠᠲᠤᠨ ᠤ ᠺᠠᠳ᠋ᠷᠴᠤᠳ ᠠᠵᠤ ᠠᠬᠤᠶᠢᠯᠠᠯ ᠤᠨ ︽ᠦᠢᠯᠡᠴᠢᠯᠡᠭᠴᠢ︾᠂ ︽ᠪᠣᠷᠣᠯᠠᠭᠤᠯᠤᠭᠴᠢ︾᠂ ︽ᠠᠮᠤᠷ ᠢ ᠬᠠᠮᠠᠭᠠᠯᠠᠭᠴᠢ︾ ᠪᠣᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠬᠡᠯᠡᠪᠡ᠃    ᠰᠢᠩ ᠾᠧ ᠰᠢᠶᠠᠨ ᠤ ᠠᠷᠠᠳ ᠤᠨ ᠰᠢᠭᠦᠬᠦ ᠬᠤᠷᠢᠶ᠎ᠠ ᠳᠤ᠂ ᠰᠦᠢ ᠸᠧᠢ ᠵᠢᠶᠦ᠋ᠨ ᠰᠣᠶᠣᠯ ᠤᠨ ᠤᠷᠳᠤ ᠬᠤᠩᠭᠢᠯ ᠢ ᠲᠣᠭᠤᠷᠢᠨ ᠦᠵᠡᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠲᠠᠰᠤᠭ ᠤᠨ ᠦᠢᠯᠡᠳᠦᠯ ᠢ ᠪᠠᠳᠠᠷᠠᠭᠤᠯᠤᠭᠰᠠᠨ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠠᠤᠯᠢ ᠴᠠᠭᠠᠵᠠ ᠶᠢᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠠᠭᠠᠯᠳᠤᠬᠤ ᠠᠴᠠ ᠡᠮᠦᠨᠡᠬᠢ ᠡᠶᠡᠳᠡᠭᠦᠯᠭᠡ ᠶᠢᠨ ᠪᠣᠳᠠᠲᠤ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠤ ᠲᠥᠯᠥᠭᠡ ᠬᠠᠤᠯᠢ ᠪᠠᠷᠢᠬᠤ ᠬᠠᠯᠠᠭᠤᠨ ᠰᠡᠳᠬᠢᠯᠭᠡ ᠶᠢ ᠤᠯᠠᠨ ᠲᠦᠮᠡᠨ ᠳᠤ ᠦᠨᠡᠨ ᠬᠦ ᠮᠡᠳᠡᠷᠡᠭᠦᠯᠬᠦ ᠬᠡᠷᠡᠭᠲᠡᠢ ᠭᠡᠵᠦ ᠬᠡᠯᠡᠪᠡ᠃     ᠰᠢᠩ ᠾᠧ ᠰᠢᠶᠠᠨ ᠤ ᠳ᠋ᠢᠶᠠᠨ ᠽᠢ ᠪᠠᠯᠭᠠᠰᠤᠨ ᠤ ᠳ᠋ᠢᠶᠠᠨ ᠽᠢ ᠲᠣᠰᠬᠤᠨ ᠳᠤ᠂ ᠰᠦᠢ ᠸᠧᠢ ᠵᠢᠶᠦ᠋ᠨ ᠠᠶᠢᠯ ᠡᠷᠦᠭᠡ ᠳᠤ ᠬᠦᠷᠴᠦ ᠰᠤᠷᠪᠤᠯᠵᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠠᠮᠤ ᠪᠤᠳᠠᠭᠠᠨ ᠤ ᠭᠠᠷᠤᠯᠲᠠ ᠪᠠ ᠣᠷᠣᠯᠭ᠎ᠠ ᠶᠢᠨ ᠨᠡᠮᠡᠭᠳᠡᠯ ᠢ ᠦᠨᠡᠨ ᠬᠦ ᠪᠠᠲᠤᠯᠠᠬᠤ ᠬᠡᠷᠡᠭᠲᠡᠢ᠃ ᠲᠠᠷᠢᠶᠠᠴᠢᠨ ᠡᠷᠦᠭᠡ ᠶᠢᠨ ᠦᠢᠯᠡᠳᠪᠦᠷᠢᠯᠡᠯ ᠤᠨ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠲᠠᠷᠢᠶᠠᠴᠢᠳ ᠢ ᠬᠠᠪᠰᠤᠷᠤᠨ ᠲᠡᠵᠢᠭᠡᠨ ᠦᠷᠡᠵᠢᠭᠦᠯᠬᠦ ᠦᠷ᠎ᠡ ᠠᠰᠢᠭ ᠢ ᠨᠢ ᠳᠡᠭᠡᠭᠰᠢᠯᠡᠭᠦᠯᠬᠦ ᠬᠡᠷᠡᠭᠲᠡᠢ᠃ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ ᠬᠦᠷᠭᠡᠬᠦ ᠬᠡᠷᠡᠭᠲᠡᠢ ᠭᠡᠵᠦ ᠬᠡᠯᠡᠪᠡ᠃     ᠯᠢᠦ ᠭᠦᠸᠧ ᠭᠠᠩ ᠣᠷᠣᠯᠴᠠᠪᠠ᠃                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2