ᠯᠢᠶᠡᠩᠴᠧᠩ ᠰᠢᠶᠠᠨ ᠰᠢᠪᠠᠭᠤᠨ ᠤ ᠲᠥᠷᠥᠯ ᠤᠨ ᠠᠮᠤᠷ ᠲᠦᠪᠰᠢᠨ ᠨᠡᠭᠦᠳᠡᠯᠯᠡᠬᠦ ᠳᠤ ᠪᠥᠬᠦ ᠲᠠᠯ᠎ᠠ ᠶᠢᠨ ᠬᠠᠤᠯᠢ ᠪᠠᠷ ᠵᠠᠰᠠᠬᠤ ᠬᠠᠮᠠᠭᠠᠯᠠᠯᠲᠠ ᠬᠠᠩᠭᠠᠨ᠎ᠠ
ᠨᠡᠶᠢᠲᠡᠯᠡᠭᠰᠡᠨ ᠴᠠᠭ᠄
2024/3/27
3 ᠰᠠᠷ᠎ᠠ ᠶᠢᠨ 25 ᠤ ᠡᠳᠦᠷ᠂ ᠯᠢᠶᠡᠩᠴᠧᠩ ᠰᠢᠶᠠᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠬᠥᠩ ᠪᠠ ᠾᠧ ᠭᠤᠣᠯ ᠤᠨ ᠠᠯ ᠰᠡᠭᠦᠯ ᠵᠣᠭᠰᠣᠬᠤ ᠭᠠᠵᠠᠷ ᠪᠣᠯᠣᠨ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠦᠷᠴᠦ᠂ ᠤᠰᠤᠨ ᠵᠠᠮ ᠤᠨ ᠤᠰᠤᠨ ᠤ ᠪᠣᠬᠢᠷᠲᠤᠯ ᠢ ᠵᠠᠰᠠᠬᠤ᠂ ᠤᠰᠤᠨ ᠤ ᠠᠮᠢ ᠠᠬᠤᠢ ᠶᠢ ᠰᠡᠷᠭᠦᠭᠡᠬᠦ᠂ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠬᠤ  ᠶᠢᠨ ᠬᠠᠮᠲᠤ ᠤᠬᠠᠭᠤᠯᠭ᠎ᠠ ᠶᠢᠨ ᠭᠠᠷ ᠳᠡᠪᠲᠡᠷ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠰᠠᠨᠠᠭᠠᠴᠢᠯᠠᠭ᠎ᠠ ᠶᠢᠨ ᠪᠢᠴᠢᠭ ᠵᠡᠷᠭᠡ ᠶᠢ ᠲᠠᠷᠬᠠᠭᠠᠵᠤ᠂ ᠣᠯᠠᠨ ᠲᠦᠮᠡᠨ ᠳᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠲᠤᠬᠠᠢ ᠮᠡᠳᠡᠯᠭᠡ ᠪᠣᠯᠣᠨ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠤᠬᠠᠭᠤᠯᠪᠠ᠃     ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯ ᠨᠡᠭᠦᠳᠡᠯ ᠤᠨ ᠰᠢᠪᠠᠭᠤᠳ ᠤᠨ ᠨᠡᠭᠦᠳᠡᠯ ᠤᠨ ᠵᠠᠮ ᠳᠠᠬᠢ ᠴᠢᠬᠤᠯᠠ ᠦᠷᠲᠡᠭᠡ ᠪᠣᠯᠣᠨ᠎ᠠ᠂ ᠪᠠᠶᠢᠴᠠᠭᠠᠬᠤ ᠪᠠᠶᠢᠭᠤᠯᠭ᠎ᠠ ᠶᠢᠨ ︿ᠡᠷᠡᠭᠦᠦ ᠶᠢᠨ ᠬᠡᠷᠡᠭ ᠢ ᠪᠠᠶᠢᠴᠠᠭᠠᠵᠤ ᠴᠣᠬᠢᠯᠲᠠ ᠥᠭᠬᠦ + ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠰᠠᠬᠢᠨ ᠬᠠᠮᠠᠭᠠᠯᠠᠬᠤ + ᠬᠠᠤᠯᠢ ᠴᠠᠭᠠᠵᠠ ᠶᠢ ᠲᠦᠭᠡᠮᠡᠯᠵᠢᠭᠦᠯᠬᠦ ᠬᠥᠮᠦᠵᠢᠯ ᠢ ᠤᠬᠠᠭᠤᠯᠬᠤ﹀ ᠭᠤᠷᠪᠠ ᠶᠢ ᠨᠢᠭᠡ ᠴᠣᠭᠴᠠᠵᠢᠭᠤᠯᠬᠤ ᠠᠷᠭ᠎ᠠ ᠪᠠᠷ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠰᠢᠪᠠᠭᠤᠳ ᠤᠨ ᠠᠮᠤᠷ ᠲᠦᠪᠰᠢᠨ ᠢᠶᠠᠷ ᠨᠡᠭᠦᠳᠡᠯᠯᠡᠬᠦ ᠳᠤ ᠪᠦᠬᠦ ᠲᠠᠯ᠎ᠠ ᠶᠢᠨ ᠰᠠᠬᠢᠨ ᠬᠠᠮᠠᠭᠠᠯᠠᠯᠲᠠ ᠬᠠᠩᠭᠠᠬᠤ ᠶᠢ ᠢᠮᠠᠭᠲᠠ ᠪᠠᠷᠢᠮᠲᠠᠯᠠᠭᠰᠠᠭᠠᠷ ᠢᠷᠡᠵᠠᠢ᠃     ᠡᠨᠡ ᠵᠢᠯ ᠤᠨ ᠠᠩᠬᠠᠳᠠᠭᠴᠢ ᠪᠦᠯᠦᠭ ᠤᠮᠠᠷᠠᠰᠢ ᠪᠤᠴᠠᠵᠤ ᠢᠷᠡᠭᠰᠡᠨ ᠨᠡᠭᠦᠳᠡᠯ ᠤᠨ ᠰᠢᠪᠠᠭᠤᠳ ᠤᠨ ᠳᠣᠲᠣᠷ᠎ᠠ ᠤᠯᠠᠭᠠᠨ ᠣᠯᠣᠰᠤ ᠨᠤᠭᠤᠰᠤ ᠶᠢᠨ ᠪᠠᠷ᠎ᠠ ᠴᠥᠭᠡᠨ ᠪᠤᠰᠤ ᠪᠠᠶᠢᠨ᠎ᠠ᠂ ᠡᠨᠡ ᠪᠣᠯ ᠪᠠᠶᠢᠴᠠᠭᠠᠭᠴᠢ ᠨᠣᠶᠠᠨ ᠪᠣᠯᠣᠨ ᠤᠯᠠᠭᠠᠨ ᠣᠯᠣᠰᠤ ᠨᠤᠭᠤᠰᠤ ᠶᠢᠨ ︽ᠦᠭᠡ ᠦᠭᠡᠢ ᠪᠣᠯᠵᠤᠭ᠎ᠠ︾ ᠮᠥᠨ᠃ ᠯᠢᠶᠡᠩᠴᠧᠩ ᠰᠢᠶᠠᠨ ᠤ ᠪᠠᠶᠢᠴᠠᠭᠠᠬᠤ ᠬᠤᠷᠢᠶ᠎ᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠳᠠᠭ᠎ᠠ ᠶᠢᠨ ᠨᠠᠭᠤᠷ ᠤᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ ᠶᠢᠨ ᠠᠪᠤᠷᠠᠨ ᠲᠤᠰᠠᠯᠠᠭᠰᠠᠨ ᠤᠯᠤᠰ ᠤᠨ ︽ᠭᠤᠷᠪᠠ ᠶᠢ ᠥᠮᠴᠢᠯᠡᠬᠦ ︵ᠠᠮᠢ ᠠᠬᠤᠢ᠂ ᠰᠢᠨᠵᠢᠯᠡᠬᠦ ᠤᠬᠠᠭᠠᠨ᠂ ᠨᠡᠶᠢᠭᠡᠮ ᠤᠨ ᠴᠢᠬᠤᠯᠠ ᠦᠨ᠎ᠡ ᠥᠷᠲᠡᠭ ᠲᠠᠢ︶︾ ᠶᠢᠨ ᠬᠠᠮᠠᠭᠠᠯᠠᠯᠲᠠ ᠶᠢᠨ ᠠᠮᠢᠲᠠᠨ ᠤᠯᠠᠭᠠᠨ ᠣᠯᠣᠰᠤ ᠨᠤᠭᠤᠰᠤ ᠶᠢ ᠲᠠᠯᠪᠢᠵᠤ ᠭᠠᠷᠭᠠᠪᠠ᠃ ᠳᠠᠯᠪᠢᠵᠤ ᠭᠠᠷᠭᠠᠬᠤ ᠠᠴᠠ ᠡᠮᠦᠨ᠎ᠡ᠂ ᠪᠠᠶᠢᠴᠠᠭᠠᠬᠤ ᠲᠤᠰᠢᠶᠠᠯᠲᠠᠨ ᠤᠯᠠᠭᠠᠨ ᠣᠯᠣᠰᠤ ᠨᠤᠭᠤᠰᠤ ᠶᠢ ᠲᠠᠯᠪᠢᠵᠤ ᠭᠠᠷᠭᠠᠭᠰᠠᠨ ᠭᠠᠵᠠᠷ᠂ ᠲᠠᠯᠪᠢᠵᠤ ᠭᠠᠷᠭᠠᠭᠰᠠᠨ ᠴᠠᠭ ᠵᠢᠴᠢ ᠲᠠᠯᠪᠢᠵᠤ ᠭᠠᠷᠭᠠᠭᠰᠠᠨ ᠤ ᠳᠠᠷᠠᠭᠠᠬᠢ ᠬᠠᠷᠠᠵᠤ ᠬᠠᠮᠠᠭᠠᠯᠠᠬᠤ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠵᠤ᠂ ᠨᠤᠲᠠᠯᠠᠨ ᠵᠠᠳᠠᠯᠵᠤ᠂ ᠤᠯᠠᠭᠠᠨ ᠣᠯᠣᠰᠤ ᠨᠤᠭᠤᠰᠤ ᠶᠢ ᠳᠠᠭ᠎ᠠ ᠶᠢᠨ ᠨᠠᠭᠤᠷ ᠲᠤ ︽ᠵᠣᠯ ᠵᠢᠷᠭᠠᠯᠲᠠᠢ ᠠᠮᠢᠳᠤᠷᠠᠬᠤ︾ ᠶᠢ ᠦᠨᠡᠨ ᠬᠦ ᠪᠠᠲᠤᠯᠠᠭᠰᠠᠨ ᠪᠠᠶᠢᠨ᠎ᠠ᠃                               ᠤᠷᠴᠢᠭᠤᠯᠤᠭᠴᠢ᠄ ᠬᠦᠰᠡᠯ                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2