ᠴᠢ ᠹᠧᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠡᠪᠦᠯ ᠤᠨ ᠤᠯᠠᠷᠢᠯ ᠤᠨ ᠠᠷᠢᠭᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠤᠨ ᠬᠡᠷᠡᠭᠵᠢᠭᠦᠯᠬᠦ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/3/28
   3 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠡᠪᠦᠯ ᠤᠨ ᠤᠯᠠᠷᠢᠯ ᠤᠨ ᠠᠷᠢᠭᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃    ᠴᠢ ᠹᠧᠢ ᠶᠦᠨ᠂ ᠡᠪᠦᠯ ᠤᠨ ᠤᠯᠠᠷᠢᠯ ᠤᠨ ᠠᠷᠢᠭᠤᠨ ᠴᠡᠪᠡᠷ ᠢᠶᠠᠷ ᠳᠤᠯᠠᠭᠠᠯᠠᠬᠤ ᠠᠵᠢᠯ ᠪᠣᠯ ︽ᠳᠤᠯᠠᠭᠠᠯᠠᠬᠤ ᠢᠨᠵᠧᠨᠧᠷᠢᠩ︾ ᠢ ᠰᠠᠶᠢᠲᠤᠷ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠴᠢᠬᠤᠯᠠ ᠤᠯᠤᠰ ᠲᠥᠷᠥ ᠶᠢᠨ ᠡᠭᠦᠷᠭᠡ ᠮᠥᠨ᠃ ᠡᠯ᠎ᠡ ᠱᠠᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠦᠲᠦᠭᠡᠨ ᠪᠠᠶᠢᠭᠤᠯᠬᠤ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠨ᠂ ᠪᠡᠯᠡ ᠮᠥᠩᠭᠦ ᠰᠠᠯᠭᠠᠨ ᠥᠭᠴᠦ ᠲᠣᠬᠢᠷᠠᠭᠤᠯᠬᠤ ᠶᠢ ᠴᠢᠩᠭᠠᠷᠠᠭᠤᠯᠵᠤ᠂ ᠠᠷᠢᠭᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠠᠷᠢᠭᠤᠨ ᠴᠡᠪᠡᠷ ᠳᠤᠯᠠᠭᠠᠯᠠᠭ᠎ᠠ ᠶᠢᠨ ᠶᠡᠷᠦᠩᠬᠡᠢ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠰᠠᠭᠤᠷᠢ ᠲᠠᠩᠰᠠ ᠶᠢ ᠪᠣᠳᠠᠲᠠᠶᠢᠵᠢᠭᠤᠯᠵᠤ᠂ ᠱᠤᠭᠤᠮ ᠢ ᠲᠣᠭᠲᠠᠭᠠᠵᠤ ᠲᠣᠰᠬᠤᠨ ᠢ ᠲᠣᠭᠲᠠᠭᠠᠵᠤ ᠡᠷᠦᠬᠡ ᠶᠢ ᠲᠣᠭᠲᠠᠭᠠᠬᠤ ᠠᠵᠢᠯ ᠢ ᠣᠨᠣᠪᠴᠢᠲᠠᠶ ᠪᠡᠶᠡᠯᠡᠭᠦᠯᠵᠦ᠂ ᠳᠤᠯᠠᠭᠠᠯᠭ᠎ᠠ ᠶᠢᠨ ᠲᠥᠬᠦᠭᠡᠷᠦᠮᠵᠢ ᠶᠢ ᠤᠭᠰᠠᠷᠠᠬᠤ᠂ ᠬᠡᠮᠵᠢᠭᠦᠷ ᠤᠨ ᠠᠷᠤ ᠱᠤᠭᠤᠮ ᠢ ᠵᠠᠯᠭᠠᠵᠤ ᠣᠷᠣᠭᠤᠯᠬᠤ ᠪᠠ ᠴᠠᠬᠢᠯᠭᠠᠨ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠴᠠᠬᠢᠯᠭᠠᠨ ᠢᠶᠠᠷ ᠳᠤᠯᠠᠭᠠᠯᠠᠬᠤ ᠲᠥᠬᠦᠭᠡᠷᠦᠮᠵᠢ ᠶᠢᠨ ᠬᠡᠯᠪᠡᠷᠢ ᠰᠣᠩᠭᠤᠬᠤ᠂ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠴᠠᠬᠢᠯᠭᠠᠨ ᠢᠶᠠᠷ ᠳᠤᠯᠠᠭᠠᠯᠠᠬᠤ ᠲᠥᠬᠦᠭᠡᠷᠦᠮᠵᠢ ᠶᠢᠨ ᠬᠡᠷᠡᠭᠯᠡᠯᠲᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠢᠦᠢ ᠬᠠᠢ ᠴᠧᠩ ᠬᠤᠷᠠᠯ ᠳᠤ ᠣᠷᠣᠯᠴᠠᠪᠠ᠃                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2