ᠳᠥᠷᠪᠡᠳ ᠬᠤᠰᠢᠭᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ  ᠤᠨ ᠨᠡᠶᠢᠳᠡᠮ ᠪᠠᠶᠢᠴᠠᠭᠠᠯᠳᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/28
    3 ᠰᠠᠷ᠎ᠠ ᠶᠢᠨ 26 ᠤ ᠡᠳᠦᠷ᠂ ᠳᠥᠷᠪᠡᠳ ᠬᠤᠰᠢᠭᠤ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠤᠨ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠦᠭᠦ ᠬᠤᠰᠢᠭᠤᠨ ᠤ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠳᠡ ᠶᠢᠨ ᠠᠵᠢᠯ ᠢ ᠳᠤᠬᠢᠷᠠᠭᠤᠯᠤᠨ ᠪᠠᠶᠢᠷᠢᠯᠠᠭᠤᠯᠪᠡ᠃     ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠠᠵᠢᠯ ᠤᠨ ᠭᠤᠣᠯᠳᠠᠯᠭ᠎ᠠ ᠪᠠᠨ ᠪᠣᠯᠭᠠᠵᠤ᠂ ᠪᠣᠳᠠᠲᠠᠢ ᠠᠵᠢᠯ ᠤᠨ ᠲᠥᠯᠥᠪᠯᠡᠭᠡ ᠪᠠ ᠠᠷᠭ᠎ᠠ ᠬᠡᠮᠵᠢᠶ᠎ᠡ ᠲᠣᠭᠲᠠᠭᠠᠬᠤ ᠶᠢᠨ ᠬᠠᠮᠲᠤ ᠲᠤᠰᠬᠠᠢ ᠬᠥᠮᠥᠨ ᠬᠠᠷᠢᠭᠤᠴᠠᠬᠤ᠂ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠶᠢ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠨ ᠠᠵᠢᠯ ᠢᠶᠠᠨ ᠥᠷᠨᠢᠭᠦᠯᠬᠦ ᠬᠡᠷᠡᠭᠲᠡᠢ᠃ ᠤᠯᠠᠨ ᠵᠦᠢᠯ ᠤᠨ ᠠᠷᠭ᠎ᠠ ᠵᠠᠮ ᠪᠠ ᠠᠷᠭ᠎ᠠ ᠮᠠᠶ᠋ᠢᠭ ᠢᠶᠠᠷ ᠳᠠᠮᠵᠢᠭᠤᠯᠤᠨ ᠤᠬᠠᠭᠤᠯᠭ᠎ᠠ ᠪᠠᠨ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠳᠡ ᠶᠢᠨ ᠵᠣᠷᠢᠯᠭ᠎ᠠ᠂ ᠠᠴᠢ ᠬᠤᠯᠪᠣᠭᠳᠠᠯ ᠪᠠ ᠠᠭᠤᠯᠭ᠎ᠠ ᠶᠢ ᠨᠡᠶᠢᠭᠡᠮ ᠳᠠᠶᠠᠭᠠᠷ ᠲᠤ ᠣᠶᠢᠯᠠᠭᠠᠭᠤᠯᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠨᠢ ᠲᠡᠦᠬᠡ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠲᠠᠢ ᠬᠤᠯᠪᠣᠭᠳᠠᠵᠤ᠂ ᠠᠷᠠᠳ ᠢᠷᠭᠡᠨ ᠨᠢᠭᠡᠪᠦᠷᠢ ᠶᠢᠨ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠮᠥᠨ᠃ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠪᠦᠯᠬᠦᠮᠳᠡᠨ ᠨᠢᠭᠲᠠᠷᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠴᠢᠩᠭ᠎ᠠ ᠨᠢᠮᠪᠠᠢ ᠣᠪᠣᠷ ᠪᠠ ᠲᠤᠰᠬᠠᠢ ᠮᠡᠷᠭᠡᠵᠢᠯ ᠤᠨ ᠵᠣᠷᠢᠭ ᠰᠠᠨᠠᠭ᠎ᠠ ᠪᠠᠷ ᠳᠥᠷᠪᠡᠳ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠤ ᠱᠠᠭᠠᠷᠳᠠᠪᠠ᠃     ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠣᠷᠣᠯᠴᠠᠵᠠᠢ᠃                                             ᠤᠷᠴᠢᠭᠤᠯᠤᠭᠴᠢ᠄ ᠬᠦᠰᠡᠯ                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2