︽︿ᠭᠤᠷᠪᠠᠨ ᠤᠮᠠᠷᠠᠲᠤ﹀ ᠶᠢᠨ ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠢ ᠰᠠᠶᠢᠲᠤᠷ ᠬᠢᠵᠦ ᠡᠯᠡᠰᠦᠷᠭᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠬᠤ ᠲᠤᠬᠠᠢ ᠵᠠᠷᠯᠢᠭ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/30
    ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠴᠢ ᠹᠧᠢ ᠶᠦᠨ ᠬᠠᠮᠲᠤ ᠪᠠᠷ 2024 ᠣᠨ ᠤ 2 ᠳ᠋ᠤᠭᠠᠷ ᠲᠣᠭᠠᠲᠤ ᠤᠢ ᠰᠢᠭᠤᠢ ᠶᠢᠨ ᠳᠠᠷᠤᠭ᠎ᠠ ᠶᠢᠨ ᠵᠠᠷᠯᠢᠭ ᠪᠤᠯᠬᠤ ︽︿ᠭᠤᠷᠪᠠᠨ ᠤᠮᠠᠷᠠᠲᠤ﹀ ᠶᠢᠨ ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠢ ᠰᠠᠶᠢᠲᠤᠷ ᠬᠢᠵᠦ ᠡᠯᠡᠰᠦᠷᠭᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠬᠤ ᠲᠤᠬᠠᠢ ᠵᠠᠷᠯᠢᠭ︾ ᠲᠤ ᠭᠠᠷ ᠤᠨ ᠥᠰᠥᠭ ᠵᠢᠷᠤᠵᠤ ᠲᠠᠷᠬᠠᠭᠠᠪᠠ᠃ ᠤᠢ ᠰᠢᠭᠤᠢ ᠶᠢᠨ ᠳᠠᠷᠤᠭ᠎ᠠ ᠨᠠᠷ ᠤᠨ ᠬᠠᠷᠢᠭᠤᠴᠠᠯᠭ᠎ᠠ ᠶᠢ ᠴᠢᠩᠭ᠎ᠠ ᠠᠳᠬᠤᠨ ᠪᠣᠳᠠᠲᠠᠶᠢᠵᠢᠭᠤᠯᠬᠤ᠂ ᠢᠨᠵᠧᠨᠧᠷᠢᠩ ᠤᠨ ᠠᠬᠢᠴᠠ ᠪᠠ ᠶᠠᠰᠤ ᠴᠢᠨᠠᠷ ᠢ ᠴᠢᠩᠭ᠎ᠠ ᠠᠳᠬᠤᠬᠤ᠂ ᠲᠣᠬᠢᠷᠠᠮᠵᠢᠲᠠᠢ ᠭᠠᠵᠠᠷ ᠲᠤ ᠲᠣᠬᠢᠷᠠᠮᠵᠢᠲᠠᠢ ᠮᠣᠳᠣ ᠲᠠᠷᠢᠵᠤ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ᠂ ᠡᠯᠧᠮᠧᠨ᠋ᠲ ᠤᠨ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠬᠤ᠂ ᠤᠬᠠᠭᠤᠯᠤᠨ ᠮᠡᠳᠡᠭᠡᠯᠡᠬᠦ ᠠᠵᠢᠯ ᠢ ᠶᠡᠬᠡᠪᠡᠷ ᠥᠷᠨᠢᠭᠦᠯᠬᠦ ᠵᠡᠷᠭᠡ 5 ᠲᠠᠯ᠎ᠠ ᠠᠴᠠ 2024 ᠣᠨ ᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠡᠷᠬᠡ ᠰᠡᠳᠦᠪ ᠢ ᠰᠠᠶᠢᠲᠤᠷ ᠰᠢᠢᠳᠪᠦᠷᠢᠯᠡᠵᠦ᠂ ᠡᠯᠡᠰᠦᠷᠭᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠯᠬᠢᠨ ᠠᠬᠢᠭᠤᠯᠬᠤ ᠲᠠᠯ᠎ᠠ ᠪᠠᠷ ᠱᠠᠭᠠᠷᠳᠠᠯᠭ᠎ᠠ ᠳᠤᠷᠠᠳᠪᠠ᠃     ᠤᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ᠡᠨᠡ ᠵᠢᠯ ᠪᠣᠯ ︽ᠭᠤᠷᠪᠠᠨ ᠤᠮᠠᠷᠠᠳᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠲᠠᠯ᠎ᠠ ᠪᠠᠷ ᠥᠷᠨᠢᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠃ ᠪᠦᠬᠦ ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠡᠯᠡᠰᠦᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ 2024 ᠣᠨ ᠤ 2 ᠳ᠋ᠤᠭᠠᠷ ᠲᠣᠭᠠᠲᠤ ᠤᠢ ᠰᠢᠭᠤᠢ ᠶᠢᠨ ᠳᠠᠷᠤᠭ᠎ᠠ ᠶᠢᠨ ᠶᠡᠷᠦᠩᠬᠡᠢ ᠵᠠᠷᠯᠢᠭ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠱᠤᠭᠤᠮ ᠪᠣᠯᠭᠠᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ 80 ᠲᠦᠮᠡᠨ ᠮᠦ᠂ ᠡᠯᠡᠰᠦᠷᠭᠡᠭᠵᠢᠭᠰᠡᠨ ᠭᠠᠵᠠᠷ ᠰᠢᠷᠣᠢ ᠶᠢᠨ ᠶᠡᠷᠦᠩᠬᠡᠶᠢᠯᠡᠨ ᠵᠠᠰᠠᠯᠳᠠ ᠶᠢᠨ 25.64 ᠲᠦᠮᠡᠨ ᠮᠦ ᠶᠢ ᠴᠢᠨᠠᠷ ᠰᠠᠶᠢᠳᠠᠢ ᠪᠡᠶᠡᠯᠡᠭᠦᠯᠵᠦ᠂ ᠤᠮᠠᠷᠠᠲᠤ ᠬᠢᠯᠢ ᠶᠢᠨ ᠡᠪᠳᠡᠷᠡᠰᠢ ᠦᠭᠡᠢ ᠪᠠᠲᠤ ᠪᠠᠬᠢ ᠤᠷᠳᠤ ᠴᠠᠭᠠᠨ ᠬᠡᠷᠡᠮ ᠪᠣᠯᠣᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ ᠪᠠᠶᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃    ᠤᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂  ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ᠨᠠᠷ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ︽ᠭᠤᠷᠪᠠᠨ ᠤᠮᠠᠷᠠᠳᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠠ ᠡᠯᠡᠰᠦᠷᠭᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠬᠤ ᠡᠭᠦᠷᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠡᠶ᠎ᠡ ᠪᠠᠷ ᠢᠶᠠᠨ ᠵᠣᠬᠢᠶᠠᠨ ᠪᠠᠶᠢᠭᠤᠯᠤᠨ ᠵᠢᠯᠤᠭᠤᠳᠴᠤ᠂ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠡᠯ᠎ᠡ ᠬᠠᠮᠵᠢᠯᠴᠠᠬᠤ ᠨᠢᠭᠡᠴᠢ ᠨᠢ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃    ᠤᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ᠢᠨᠵᠧᠨᠧᠷᠢᠩ ᠤᠨ ᠠᠬᠢᠴᠠ ᠪᠣᠯᠣᠨ ᠶᠠᠰᠤ ᠴᠢᠨᠠᠷ ᠢ ᠴᠢᠩᠭ᠎ᠠ ᠠᠳᠬᠤᠬᠤ ᠬᠡᠷᠡᠭᠲᠡᠢ᠃ 3 ᠰᠠᠷ᠎ᠠ ᠶᠢᠨ 18 ᠤ ᠡᠳᠦᠷ᠂ ᠮᠠᠨ ᠤ ᠬᠤᠲᠠ ᠶᠢᠨ ︽ᠭᠤᠷᠪᠠᠨ ᠤᠮᠠᠷᠠᠳᠤ︾ ᠶᠢᠨ ᠢᠨᠵᠧᠨᠧᠷᠢᠩ ᠪᠠ ᠡᠯᠡᠰᠦᠷᠭᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠠᠵᠢᠯ ᠢᠶᠠᠨ ᠨᠢᠭᠡᠨᠲᠡ ᠡᠬᠢᠯᠡᠭᠦᠯᠪᠡ᠃ ᠬᠤᠲᠠ᠂ ᠬᠤᠰᠢᠭᠤ ᠰᠢᠶᠠᠨ ᠬᠤᠶᠠᠷ ᠱᠠᠲᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠲᠥᠷᠥᠯ ᠵᠦᠢᠯ ᠤᠨ ᠲᠣᠭᠤᠷᠢᠭ ᠲᠤ ᠭᠦᠨᠵᠡᠭᠡᠶᠢᠷᠡᠨ ᠬᠢᠨᠠᠨ ᠵᠢᠯᠤᠭᠤᠳᠴᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠠᠬᠢᠴᠠ ᠲᠦᠷᠭᠡᠨ᠂ ᠶᠠᠰᠤ ᠴᠢᠨᠠᠷ ᠥᠨᠳᠥᠷ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠭᠤᠣᠯᠳᠠᠯᠭ᠎ᠠ ᠲᠠᠢ ᠳᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠩᠭᠤ ᠶᠢᠨ ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ ᠨᠢᠭᠡ ᠬᠡᠰᠡᠭ ᠢ ᠵᠠᠰᠠᠵᠤ᠂ ᠨᠢᠭᠡ ᠬᠡᠰᠡᠭ ᠢ ᠪᠦᠷᠢᠯᠳᠦᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠤᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ᠲᠣᠬᠢᠷᠠᠮᠵᠢᠲᠠᠢ ᠭᠠᠵᠠᠷ ᠲᠤ ᠲᠣᠬᠢᠷᠠᠮᠵᠢᠲᠠᠢ ᠮᠣᠳᠣ ᠲᠠᠷᠢᠵᠤ ᠰᠢᠨᠵᠢᠯᠡᠬᠦ ᠤᠬᠠᠭᠠᠨᠴᠢ ᠪᠠᠷ ᠡᠯᠡᠰᠦᠷᠭᠡᠭᠵᠢᠯ ᠢ ᠵᠠᠰᠠᠬᠤ ᠬᠡᠷᠡᠭᠲᠡᠢ᠃ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠤᠷᠭᠤᠮᠠᠯ ᠡᠯᠡᠰᠦ ᠰᠢᠷᠤᠢ ᠶᠢ ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ ᠶᠢ ᠪᠠᠷᠢᠮᠲᠠᠯᠠᠵᠤ᠂ ᠬᠥᠮᠥᠨ ᠤ ᠬᠦᠴᠦ ᠪᠠᠷ ᠰᠡᠷᠭᠦᠭᠡᠬᠦ ᠪᠠ ᠠᠶᠠᠨᠳᠠᠭᠠᠨ ᠰᠡᠷᠭᠦᠭᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠵᠠᠰᠠᠵᠤ᠂ ᠣᠶ ᠰᠢᠭᠤᠢ ᠡᠪᠡᠰᠦ ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ ᠪᠠ ᠨᠢᠭᠲᠠᠴᠠ ᠶᠢ ᠵᠦᠢ ᠵᠣᠬᠢᠰᠲᠠᠢ ᠲᠣᠬᠢᠷᠠᠭᠤᠯᠤᠨ᠂ ᠲᠤᠬᠠᠢ ᠶᠢᠨ ᠭᠠᠵᠠᠷ ᠤᠨ ᠮᠣᠳᠣᠨ ᠤ ᠦᠷ᠎ᠡ ᠡᠪᠡᠰᠦᠨ ᠦᠷ᠎ᠡ ᠶᠢ ᠰᠣᠩᠭᠤᠨ ᠬᠡᠷᠡᠭᠯᠡᠵᠦ᠂ ᠣᠯᠠᠨ ᠲᠠᠰ ᠳᠠᠪᠬᠤᠷᠭ᠎ᠠ ᠶᠢᠨ᠂ ᠪᠥᠬᠦ ᠲᠠᠯ᠎ᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠲᠣᠣᠷ ᠰᠦᠯᠵᠢᠶ᠎ᠡ ᠶᠢ ᠪᠠᠶᠢᠭᠤᠯᠬᠤ ᠬᠡᠷᠡᠭᠳᠡᠢ ᠭᠡᠵᠦ ᠱᠠᠭᠠᠷᠳᠠᠪᠠ᠃    ᠤᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ᠡᠯᠧᠮᠧᠨ᠋ᠲ ᠤᠨ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠯᠬᠢᠨ ᠴᠠᠬᠢᠯᠭᠠᠨ ᠬᠡᠷᠡᠯ ᠴᠡᠨᠡᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠣᠩᠭᠤᠬᠤ ᠪᠠ ᠡᠯᠡᠰᠦᠷᠭᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠭᠠᠵᠠᠷ ᠰᠢᠷᠣᠢ ᠶᠢᠨ ᠴᠢᠭᠯᠡᠯᠲᠦ ᠬᠡᠮᠵᠢᠭᠳᠡᠬᠦᠨ ᠤ ᠳ᠋ᠠᠶᠢᠲ᠋ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠠᠷᠢᠯᠢᠭ ᠣᠨᠣᠴᠠᠲᠠᠢ ᠪᠠᠷ ᠪᠣᠳᠠᠲᠠᠶᠢᠵᠢᠭᠤᠯᠤᠨ ᠵᠢᠷᠤᠭ ᠲᠤ ᠣᠷᠣᠭᠤᠯᠤᠨ᠎ᠠ᠃ ᠰᠢᠯᠢᠳᠡᠭ ᠦᠷ᠎ᠡ  ᠶᠢᠨ ᠡᠬᠢ ᠪᠠᠶᠠᠯᠢᠭ ᠢ ᠰᠣᠩᠭᠤᠨ ᠪᠣᠶᠢᠵᠢᠭᠤᠯᠬᠤ ᠶᠢ ᠴᠢᠩᠭᠠᠳᠬᠠᠵᠤ᠂ ᠪᠠᠲᠤᠯᠠᠭ᠎ᠠ ᠶᠢᠨ ᠴᠢᠨᠠᠷᠲᠠᠢ ᠵᠤᠯᠵᠠᠭ᠎ᠠ ᠮᠣᠳᠣᠨ ᠤ ᠬᠦᠷᠢᠶᠡᠯᠡᠩ᠂ ᠡᠪᠡᠰᠦᠨ ᠦᠷ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠬᠡᠷᠡᠭᠯᠡᠬᠦ ᠤᠰᠤ ᠶᠢ ᠵᠦᠢ ᠵᠣᠬᠢᠰᠲᠠᠢ ᠲᠣᠬᠢᠷᠠᠭᠤᠯᠤᠨ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠴᠢᠬᠤᠯᠠ ᠪᠦᠬᠦᠢ ᠣᠶ ᠰᠢᠭᠤᠢ ᠡᠪᠡᠰᠦᠨ ᠤ ᠠᠮᠢ ᠠᠬᠤᠢ ᠶᠢᠨ ᠬᠡᠷᠡᠭᠯᠡᠬᠦ ᠤᠰᠤ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠢ ᠨᠠᠶᠢᠷᠠᠭᠤᠯᠤᠨ ᠮᠡᠳᠡᠭᠦᠯᠬᠦ ᠶᠢ ᠵᠣᠬᠢᠶᠠᠨ ᠪᠠᠶᠢᠭᠤᠯᠵᠦ᠂ ᠲᠥᠪ ᠤᠨ ᠪᠡᠯᠡ ᠣᠷᠣᠭᠤᠯᠤᠯᠲᠠ ᠶᠢ ᠴᠢᠷᠮᠠᠶᠢᠨ ᠣᠯᠵᠤ᠂ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠦᠨ᠂ ᠨᠡᠶᠢᠭᠡᠮ ᠤᠨ ᠬᠥᠷᠥᠩᠭᠡ ᠶᠢ ᠲᠠᠲᠠᠵᠤ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠣᠷᠣᠯᠴᠠᠭᠤᠯᠬᠤ ᠬᠡᠷᠡᠭᠲᠡᠢ᠃ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠬᠠᠮᠢᠶᠠᠷᠴᠤ ᠬᠠᠮᠠᠭᠠᠯᠠᠬᠤ ᠵᠠᠭᠪᠤᠷ ᠤᠨ ᠰᠢᠨ᠎ᠡ ᠶᠢ ᠡᠭᠦᠳᠬᠦ᠂ ᠥᠷᠭᠡᠨ ᠤᠯᠠᠨ ᠮᠠᠯᠴᠢᠨ ᠲᠠᠷᠢᠶᠠᠴᠢᠨ ᠤ ᠢᠳᠡᠪᠬᠢᠲᠡᠢ ᠣᠷᠣᠯᠴᠠᠬᠤ ᠶᠢ ᠲᠠᠶᠢᠴᠢᠯᠠᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃    ᠤᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ᠤᠬᠠᠭᠤᠯᠤᠨ ᠮᠡᠳᠡᠭᠡᠯᠡᠬᠦ ᠠᠵᠢᠯ ᠢ ᠶᠡᠭᠡ ᠪᠠᠷ ᠥᠷᠨᠢᠭᠦᠯᠬᠦ ᠬᠡᠷᠡᠭᠲᠡᠢ᠃ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠪᠣᠯᠣᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠨᠡᠶᠢᠲᠡᠯᠢᠭ ᠵᠢᠱᠢᠶ᠎ᠡ ᠶᠢ ᠰᠣᠩᠭᠤᠵᠤ᠂ ᠺᠠᠳ᠋ᠷ᠂ ᠠᠵᠢᠯᠲᠠᠨ ᠠᠵᠢᠯᠴᠢᠨ ᠤ ᠲᠤᠬᠠᠶᠢᠯᠠᠭᠰᠠᠨ ᠠᠵᠢᠯ ᠤᠨ ᠪᠠᠶᠢᠷᠢᠨ ᠳᠠᠭᠠᠨ ᠰᠠᠭᠤᠷᠢᠯᠠᠨ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠵᠤ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠠᠪᠤᠴᠠ ᠳᠤ ᠭᠠᠪᠢᠶ᠎ᠠ ᠵᠢᠳᠬᠦᠯ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2