ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 27 ᠳ᠋ᠤᠭᠠᠷ ᠤᠳᠠᠭᠠᠨ ᠤ ᠲᠡᠷᠢᠭᠦᠯᠡᠭᠴᠢᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/4
   2 ᠰᠠᠷ᠎ᠠ ᠶᠢᠨ 29 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠲᠡᠷᠢᠭᠦᠯᠡᠭᠴᠢ ᠶᠤᠸᠠᠢ ᠶᠠᠨ ᠮᠧᠶ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 27 ᠳ᠋ᠤᠭᠠᠷ ᠤᠳᠠᠭᠠᠨ ᠤ ᠲᠡᠷᠢᠭᠦᠯᠡᠭᠴᠢᠳ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠠᠯᠪᠠᠨ ᠭᠡᠷ ᠵᠢᠴᠢ ᠡᠯ᠎ᠡ ᠲᠤᠰᠬᠠᠢ ᠵᠥᠪᠯᠡᠯ ᠤᠨ 2024 ᠣᠨ ᠤ ᠠᠵᠢᠯ ᠤᠨ ᠲᠣᠬᠢᠷᠠᠭᠤᠯᠤᠯᠲᠠ ᠶᠢ ᠰᠣᠨᠣᠰᠪᠠ︔ ᠤᠯᠠᠭᠠᠨᠴᠠᠪ ᠬᠤᠲᠠ ᠶᠢᠨ 2024 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠠᠵᠢᠯ ᠤᠨ ᠲᠥᠯᠥᠪᠯᠡᠭᠡ ︵ᠬᠢᠨᠠᠨ ᠵᠥᠪᠯᠡᠬᠦ ᠨᠣᠣᠷᠠᠭ︶᠂ ᠤᠯᠤᠰ ᠲᠥᠷᠥ ᠶᠢᠨ ᠵᠥᠪᠯᠡᠯᠭᠡᠨ ᠤ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2024 ᠣᠨ ᠤ ᠭᠤᠣᠯᠳᠠᠯᠭ᠎ᠠ ᠲᠠᠢ ᠪᠠᠶᠢᠴᠠᠭᠠᠨ ᠰᠤᠳᠤᠯᠬᠤ ᠰᠡᠳᠦᠪ ︵ᠬᠢᠨᠠᠨ ᠵᠥᠪᠯᠡᠬᠦ ᠨᠣᠣᠷᠠᠭ︶ ᠪᠣᠯᠣᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ 2024 ᠣᠨ ᠤ ᠲᠡᠷᠢᠭᠦᠯᠡᠭᠴᠢ ᠵᠢᠴᠢ ᠡᠲᠡᠭᠡᠳ ᠤᠨ ᠢᠯᠭᠠᠯᠲᠣ ᠪᠠᠶᠢᠴᠠᠭᠠᠨ ᠦᠵᠡᠬᠦ ᠠᠵᠢᠯ ᠤᠨ ᠲᠥᠰᠥᠯ ︵ᠬᠢᠨᠠᠨ ᠵᠥᠪᠯᠡᠬᠦ ᠨᠣᠣᠷᠠᠭ︶ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃    ᠬᠤᠷᠠᠯ ᠠᠴᠠ᠂ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ︽ᠭᠤᠷᠪᠠ ᠳᠤ ᠦᠢᠯᠡᠴᠢᠯᠡᠬᠦ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠢᠯᠠᠩᠭᠤᠶ᠎ᠠ ᠲᠡᠷᠢᠭᠦᠯᠡᠭᠴᠢ᠂ ᠳᠡᠳ᠋ ᠲᠡᠷᠢᠭᠦᠯᠡᠭᠴᠢ ᠶᠢᠨ ᠡᠯ᠎ᠡ ᠵᠦᠢᠯ ᠤᠨ ᠠᠵᠢᠯ ᠢᠶᠠᠨ ᠥᠷᠨᠢᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ︔ ᠡᠯ᠎ᠡ ᠵᠦᠢᠯ ᠤᠨ ᠳᠦᠷᠢᠮ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠳᠦᠷᠢᠮᠵᠢᠭᠦᠯᠦᠯᠲᠡ᠂ ᠵᠢᠷᠤᠮᠵᠢᠭᠤᠯᠤᠯᠲᠠ᠂ ᠳᠡᠰ ᠳᠠᠷᠠᠭᠠᠵᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ︔ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠢᠨᠠᠷ ᠰᠠᠶᠢᠲᠠᠢ ᠮᠡᠳᠡᠭᠡ ᠵᠠᠩᠭᠢ ᠶᠢᠨ ᠠᠵᠢᠯ ᠢᠶᠠᠷ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠪᠦᠲᠦᠮᠵᠢᠲᠡᠢ ᠠᠷᠭ᠎ᠠ ᠪᠣᠳᠣᠯᠭ᠎ᠠ ᠬᠡᠷᠡᠭᠵᠢᠭᠦᠯᠬᠦ ᠳᠤ ᠦᠢᠯᠡᠴᠢᠯᠡᠭᠦᠯᠬᠦ ᠬᠡᠷᠡᠭᠲᠡᠢ᠃ ᠡᠯ᠎ᠡ ᠲᠤᠰᠬᠠᠢ ᠵᠥᠪᠯᠡᠯ ᠤᠨ ᠬᠢᠨ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠵᠤ᠂ ᠪᠦᠬᠦ ᠵᠢᠯ ᠤᠨ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠥᠨᠳᠥᠷ ᠪᠦᠲᠦᠮᠵᠢᠲᠡᠢ ᠪᠠᠷ ᠲᠥᠯᠥᠪᠵᠢᠭᠦᠯᠦᠨ ᠠᠬᠢᠭᠤᠯᠵᠤ᠂ ᠴᠢᠨᠠᠷ ᠰᠠᠶᠢᠲᠠᠢ ᠪᠠᠶᠢᠬᠤ ᠶᠢ ᠪᠠᠲᠤᠯᠠᠵᠤ᠂ ᠡᠨᠡ ᠵᠢᠯ ᠤᠨ ᠡᠯ᠎ᠡ ᠵᠦᠢᠯ ᠤᠨ ᠠᠵᠢᠯ ᠢᠶᠠᠨ ᠰᠠᠶᠢᠨ ᠡᠬᠢᠯᠡᠵᠦ᠂ ᠰᠠᠶᠢᠨ ᠡᠬᠢᠯᠡᠯᠲᠡ ᠲᠠᠢ ᠪᠣᠯᠭᠠᠬᠤ ᠶᠢ ᠴᠢᠩᠭ᠎ᠠ ᠱᠠᠭᠠᠷᠳᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠴᠢᠨᠠᠷ ᠰᠠᠶᠢᠲᠠᠢ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠷ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠶᠠᠩ ᠶᠢᠨ᠂ ᠳᠡᠳ᠋ ᠲᠡᠷᠢᠭᠦᠯᠡᠭᠴᠢ ᠶᠢᠨ ᠴᠢᠶᠠᠨ ᠪᠢᠨ᠂ ᠸᠠᠩ ᡁᠢ ᠶᠦᠩ᠂ ᠵᠣᠣ ᠯᠢ ᠭᠦᠸᠧ᠂ ᠶᠤᠸᠠᠨ ᠰᠢᠶᠣᠣ ᠳ᠋ᠦᠩ᠂ ᠨᠠᠰᠤᠨᠪᠠᠲᠤ᠂ ᠵᠠᠩ ᠷᠦᠢ ᠪᠢᠨ᠂ ᠯᠢᠦ ᠶᠠᠨ ᠬᠤᠸᠠ ᠬᠤᠷᠠᠯ ᠳᠤ ᠣᠷᠣᠯᠴᠠᠪᠠ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2