ᠪᠦᠬᠦ ᠬᠤᠲᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/5
     3 ᠰᠠᠷ᠎ᠠ ᠶᠢᠨ 1 ᠤ ᠡᠳᠦᠷ᠂ ᠪᠦᠬᠦ ᠬᠤᠳᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠤᠣ ᠮᠠᠨ ᠪᠢᠨ ᠬᠤᠷᠠᠯ ᠳᠤ ᠣᠷᠣᠯᠴᠠᠪᠠ᠃      ᠬᠤᠷᠠᠯ ᠠᠴᠠ᠂ ᠡᠯ᠎ᠡ ᠱᠠᠲᠤᠨ ᠤ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠬᠠᠷᠢᠭᠤᠴᠠᠯᠭᠠᠲᠤ ᠨᠢᠭᠡᠴᠢ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠵᠤ᠂ ᠪᠦᠬᠦ ᠨᠠᠮ ᠢᠶᠠᠷ ᠢᠶᠠᠨ ᠬᠠᠮᠲᠤᠪᠠᠷ ᠬᠥᠳᠡᠯᠦᠯᠴᠡᠵᠦ᠂ ᠬᠤᠯᠪᠣᠭᠳᠠᠯ ᠪᠦᠬᠦᠢ ᠲᠠᠯ᠎ᠠ ᠶᠢᠨ  ᠬᠢᠨ ᠬᠠᠮᠵᠢᠯᠴᠠᠨ ᠬᠥᠳᠡᠯᠦᠯᠴᠡᠭᠰᠡᠨ ᠠᠵᠢᠯ ᠤᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠠᠵᠢᠯ ᠤᠨ ᠰᠢᠨ᠎ᠡ ᠶᠢ ᠡᠭᠦᠳᠴᠦ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ᠃ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠰᠢᠨ᠎ᠡ ᠬᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠢ ᠰᠠᠶᠢᠲᠤᠷ ᠪᠠᠷᠢᠮᠲᠠᠯᠠᠨ ᠰᠠᠶᠢᠲᠤᠷ ᠬᠥᠭᠵᠢᠭᠦᠯᠵᠦ ᠰᠠᠶᠢᠲᠤᠷ ᠲᠡᠭᠦᠯᠳᠡᠷᠵᠢᠭᠦᠯᠬᠦ ᠲᠤᠬᠠᠢ ᠰᠠᠨᠠᠯ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳᠴᠢᠯᠠᠭᠰᠠᠨ ᠨᠠᠮ ᠪᠦᠯᠦᠭ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠡᠭᠦᠷᠭᠡ ᠴᠢᠳᠠᠪᠬᠢ ᠪᠠᠨ ᠭᠦᠢᠴᠡᠳᠬᠡᠬᠦ ᠶᠢ ᠨᠡᠩ ᠰᠠᠶᠢᠲᠤᠷ ᠳᠡᠮᠵᠢᠬᠦ ᠬᠡᠷᠡᠭᠲᠡᠢ᠃ ᠱᠠᠰᠢᠨ ᠰᠤᠷᠲᠠᠬᠤᠨ ᠤ ᠡᠲᠡᠭᠡᠳ ᠤᠨ ᠥᠪᠡᠷ ᠢ ᠪᠠᠨ ᠬᠠᠮᠢᠶᠠᠷᠬᠤ ᠬᠢᠷᠢ ᠬᠡᠮᠵᠢᠶ᠎ᠡ ᠪᠠ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠢ ᠵᠢᠷᠤᠮᠵᠢᠭᠤᠯᠤᠨ ᠪᠠᠶᠢᠭᠤᠯᠬᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠶᠠᠪᠤᠴᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ ︽ᠬᠤᠶᠠᠷ ᠡᠷᠡᠭᠦᠯ ᠮᠡᠨᠳᠦ︾ ᠶᠢ ᠠᠬᠢᠭᠤᠯᠬᠤ ᠪᠠᠷ ᠭᠤᠣᠯᠯᠠᠭᠤᠯᠤᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠠᠮ ᠤᠨ ᠭᠠᠳᠠᠨᠠᠬᠢ ᠰᠡᠬᠡᠭᠡᠲᠡᠨ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠪᠣᠯᠣᠨ ᠰᠢᠶᠠᠩᠭᠠᠩ ᠣᠣᠮᠧᠨ ᠲᠠᠶᠢᠸᠠᠨ ᠬᠠᠷᠢᠶᠠᠲᠤ ᠨᠠᠷ ᠤᠨ ᠭᠠᠳᠠᠭᠠᠳᠤ ᠳᠠᠬᠢ ᠨᠢᠭᠡᠳᠦᠮᠡᠯ ᠹᠷᠣᠨᠲ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠬᠤᠲᠠ ᠶᠢᠨ ᠨᠢᠭᠡᠳᠦᠮᠡᠯ ᠹᠷᠣᠨᠲ ᠤᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠢᠭᠡᠳᠦᠮᠡᠯ ᠹᠷᠣᠨᠲ ᠤᠨ ᠨᠡᠩ ᠶᠡᠭᠡ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ 2023 ᠣᠨ ᠤ ᠪᠦᠬᠦ ᠬᠤᠳᠠ ᠶᠢᠨ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠠᠵᠢᠯ ᠤᠨ ᠲᠡᠷᠢᠭᠦᠨ ᠤ ᠬᠠᠮᠲᠤ ᠪᠣᠯᠣᠨ ᠬᠤᠪᠢ ᠬᠥᠮᠥᠨ᠂ ᠪᠦᠬᠦ ᠬᠤᠳᠠ ᠶᠢᠨ ᠨᠢᠭᠡᠳᠦᠮᠡᠯ ᠹᠷᠣᠨᠲ ᠤᠨ ᠤᠨᠤᠯ ᠲᠦᠷᠦ ᠶᠢᠨ ᠪᠣᠳᠣᠯᠭ᠎ᠠ ᠶᠢᠨ ᠰᠤᠳᠤᠯᠭᠠᠨ ᠪᠣᠯᠣᠨ ᠨᠢᠭᠡᠳᠦᠮᠡᠯ ᠹᠷᠣᠨᠲ ᠤᠨ ᠠᠵᠢᠯ ᠤᠨ ᠦᠢᠯᠡᠳᠦᠯᠭᠡ ᠶᠢᠨ ᠰᠢᠨ᠎ᠡ ᠡᠭᠦᠳᠦᠯᠲᠡ ᠶᠢᠨ ᠱᠠᠩᠨᠠᠯ ᠣᠯᠣᠭᠰᠠᠨ ᠦᠷ᠎ᠡ ᠪᠦᠲᠦᠭᠡᠯ ᠢ ᠬᠥᠬᠢᠭᠦᠯᠦᠨ ᠰᠠᠶᠢᠰᠢᠶᠠᠪᠠ᠃                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2