| | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠴᠢᠨᠠᠷ | ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ | ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ | ᠬᠤᠪᠢᠰᠤᠯᠲᠠ ᠶᠢᠨ ᠡᠮᠦᠨ᠎ᠡ᠂ ᠪᠢᠳᠡ ᠡᠷᠬᠡᠪᠰᠢ ᠴᠠᠭ ᠲᠣᠭᠢᠶᠠᠯ ᠢ ᠠᠮᠵᠢᠨ᠂ ᠰᠢᠨ᠎ᠡ ᠶᠢ ᠡᠭᠦᠳᠬᠦ ᠡᠷᠴᠢᠮ ᠢᠶᠠᠨ | ᠴᠢᠩᠭᠠᠷᠠᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ | ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠨᠢ ᠤᠯᠠᠮᠵᠢᠯᠠᠯᠲᠤ ᠠᠵᠤ ᠦᠢᠯᠡᠰ ᠢ ᠣᠮᠲᠣᠭᠠᠶᠢᠯᠠᠵᠤ᠂ ᠲᠠᠶᠠᠭᠳᠠᠬᠤ ᠶᠠᠪᠤᠳᠠᠯ ᠪᠢᠰᠢ᠂ ᠨᠢᠭᠡ ᠯᠡ | ᠳᠡᠷᠪᠡᠵᠦ ᠰᠣᠬᠤᠷ ᠪᠠᠯᠠᠢ ᠪᠠᠷ ᠶᠠᠭᠠᠷᠠᠵᠤ᠂ ᠬᠥᠭᠡᠰᠦᠷᠡᠯ ᠪᠤᠯᠬᠤ ᠠᠴᠠ ᠰᠡᠷᠭᠡᠶᠢᠯᠡᠬᠦ ᠬᠡᠷᠡᠭᠲᠡᠢ᠂ ᠨᠢᠭᠡ ᠯᠡ ᠵᠦᠢᠯ ᠤᠨ | ᠵᠠᠭᠪᠤᠷ ᠢ ᠬᠡᠷᠡᠭᠯᠡᠵᠦ ᠪᠠᠰᠠ ᠪᠤᠯᠬᠤ ᠦᠭᠡᠢ᠃ ᠡᠯ᠎ᠡ ᠭᠠᠵᠠᠷ ᠤᠨ ᠬᠢᠨ ᠪᠣᠳᠠᠲᠠᠢ ᠠᠴᠠ ᠡᠭᠦᠰᠬᠦ ᠶᠢ ᠪᠠᠷᠢᠮᠲᠠᠯᠠᠨ᠂ | ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠵᠦ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ᠂ ᠲᠥᠷᠥᠯ ᠬᠤᠪᠢᠶᠠᠨ ᠵᠢᠯᠤᠭᠤᠳᠴᠤ᠂ ᠲᠣᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ ᠠᠵᠤ | ᠦᠢᠯᠡᠰ ᠤᠨ ᠰᠠᠭᠤᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠵᠡᠷᠭᠡ ᠪᠠᠨ ᠦᠨᠳᠦᠰᠦᠯᠡᠨ ᠰᠢᠨ᠎ᠡ | ᠠᠵᠤ ᠦᠢᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠶᠢᠨ ᠬᠥᠭᠵᠢᠯᠲᠡ ᠶᠢ ᠰᠣᠩᠭᠤᠯᠲᠠ ᠲᠠᠢ ᠪᠠᠷ | ᠠᠬᠢᠭᠤᠯᠵᠤ᠂ ᠰᠢᠨ᠎ᠡ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠠᠵᠤ | ᠦᠢᠯᠡᠰ ᠤᠨ ᠳᠡᠭᠡᠳᠦ ᠳᠡᠰᠵᠢᠯᠳᠡ᠂ ᠣᠶᠤᠨᠴᠢᠯᠠᠯᠲᠠ᠂ ᠪᠣᠬᠢᠷᠳᠤᠯ ᠦᠭᠡᠢ ᠪᠤᠯᠭᠠᠬᠤ ᠶᠢ ᠢᠳᠡᠪᠬᠢᠲᠡᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | 3 ᠰᠠᠷ᠎ᠠ ᠶᠢᠨ 5 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠡᠭᠦᠨ ᠤ | ᠪᠠᠶᠢᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ | ᠣᠷᠣᠯᠴᠠᠪᠠ᠃ | | | | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠤᠸᠠᠢ ᠶᠤᠸᠠᠢ ᠸᠧᠢ ᠰᠡᠭᠦᠳᠡᠷᠯᠡᠪᠡ | ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠨᠠᠷᠢᠨ ᠬᠢᠨᠠᠮᠠᠭᠠᠢ ᠬᠢᠨᠠᠨ ᠵᠥᠪᠯᠡᠵᠦ᠂ ᠭᠦᠷ ᠬᠥᠭᠵᠢᠶᠡᠨ ᠢᠶᠠᠷ | ᠪᠢᠯᠬᠠᠵᠤ ᠪᠠᠶᠢᠯ᠎ᠠ᠃ ᠼᠦᠢ ᠲᠢᠶᠧ ᠵᠢᠶᠦ᠋ᠨ᠂ ᠭᠤᠤ ᠵᠢᠢ ᠹᠠᠨ᠂ ᠰᠥᠩ ᠶᠠᠨ᠂ ᠦ᠋ ᠬᠤᠶ ᠹᠠᠩ᠂ ᠦ᠋ ᠰᠢᠨ ᠮᠢᠩ᠂ | ᠰᠦᠨ ᠵᠢᠩ ᠨᠠᠨ ᠵᠡᠷᠭᠡ 6 ᠲᠥᠯᠥᠭᠡᠯᠡᠭᠴᠢ ᠲᠣᠰ ᠲᠣᠰ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠭᠡᠷᠡᠯᠴᠢ | ᠴᠡᠨᠡᠭ ᠤᠨ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠣᠶᠣᠯ ᠤᠨ ᠥᠪ ᠢ ᠬᠠᠮᠠᠭᠠᠯᠠᠵᠤ | ᠤᠯᠠᠮᠵᠢᠯᠠᠬᠤ ᠶᠢ ᠴᠢᠩᠭᠠᠳᠬᠠᠬᠤ᠂ ᠬᠠᠮᠲᠤ ᠪᠠᠷ ᠪᠠᠶᠠᠵᠢᠭᠰᠠᠨ ᠵᠣᠯ ᠵᠢᠷᠭᠠᠯᠲᠤ ᠲᠣᠰᠬᠤᠨ ᠢ ᠪᠠᠶᠢᠭᠤᠯᠬᠤ᠂ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠳᠤ ᠦᠢᠯᠡᠴᠢᠯᠡᠬᠦ᠂ ᠤᠷᠠᠨ | ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠵᠡᠷᠭᠡ ᠠᠰᠠᠭᠤᠳᠠᠯ ᠤᠨ ᠲᠤᠬᠠᠢ ᠦᠭᠡ ᠬᠡᠯᠡᠪᠡ᠃ ᠰᠢ ᠶᠢᠨ ᠫᠢᠩ | ᠪᠠᠶᠢᠨ ᠳᠠᠭᠢᠨ ᠳᠤᠮᠳᠠ ᠨᠢ ᠦᠭᠡ ᠬᠡᠯᠡᠵᠦ᠂ ᠤᠯᠠᠨ ᠲᠠᠢ ᠶᠠᠷᠢᠯᠴᠠᠵᠤ ᠰᠣᠯᠢᠯᠴᠠᠪᠠ᠃ | ᠣᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠦᠭᠡ ᠬᠡᠯᠡᠪᠡ᠃ ᠲᠡᠷᠡ | ᠡᠩ ᠲᠡᠷᠢᠭᠦᠨ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ | ᠵᠢᠶᠠᠩᠰᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠣᠭᠰᠠᠨ ᠰᠢᠨ᠎ᠡ ᠠᠬᠢᠴᠠ ᠰᠢᠨ᠎ᠡ ᠦᠷ᠎ᠡ | ᠪᠦᠲᠦᠮᠵᠢ ᠶᠢ ᠭᠦᠢᠴᠡᠳ ᠨᠤᠲᠠᠯᠠᠵᠤ᠂ ᠵᠢᠶᠠᠩᠰᠤ ᠶᠢᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ | ᠵᠣᠷᠢᠭ ᠢᠶᠠᠨ ᠬᠥᠪᠴᠢᠯᠡᠵᠦ᠂ ᠴᠢᠬᠤᠯᠠ ᠡᠭᠦᠷᠭᠡ ᠶᠢ ᠵᠣᠷᠢᠭᠲᠠᠢ ᠡᠭᠦᠷᠭᠡᠯᠡᠵᠦ᠂ ᠪᠦᠭᠦ ᠤᠯᠤᠰ ᠤᠨ ᠶᠡᠭᠡ ᠲᠠᠯ᠎ᠠ ᠳᠤ | ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠪᠡ᠃ | ᠰᠢ ᠶᠢᠨ ᠫᠢᠩ᠂ ᠵᠢᠶᠠᠩᠰᠤ ᠶᠢᠨ ᠬᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠳᠤ ᠰᠠᠶᠢᠨ ᠰᠠᠶᠢᠬᠠᠨ ᠨᠥᠬᠦᠴᠡᠯ ᠪᠠ ᠴᠢᠳᠠᠪᠤᠷᠢ ᠲᠠᠢ ᠶᠤᠮ᠃ ᠲᠡᠷᠢᠭᠦᠨ ᠤ ᠦᠢᠯᠡᠳᠬᠦ ᠦᠢᠯᠡᠰ ᠢᠶᠠᠷ | ᠭᠤᠣᠯ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠡᠨᠡ ᠬᠦ ᠭᠤᠣᠯᠳᠠᠯᠭ᠎ᠠ ᠶᠢ | ᠲᠣᠪᠤᠶᠢᠯᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ᠂ | ᠤᠯᠠᠮᠵᠢᠯᠠᠯᠲᠤ ᠠᠵᠤ ᠦᠢᠯᠡᠰ ᠢ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ᠂ | ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ | ᠠᠭᠤᠰᠤᠯᠴᠠᠯ ᠢ ᠴᠢᠩᠭᠠᠳᠬᠠᠨ᠂ ᠤᠯᠠᠮᠵᠢᠯᠠᠯᠲᠤ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠪᠠᠬᠢᠵᠢᠭᠦᠯᠵᠦ᠂ | ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠲᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ | ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠪᠠᠶᠢᠭᠤᠯᠵᠤ᠂ ᠵᠢᠶᠠᠩᠰᠤ ᠶᠢ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠵᠢᠭᠰᠠᠭᠠᠯ ᠤᠨ ᠭᠠᠵᠠᠷ ᠪᠤᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ | ᠬᠡᠮᠵᠢᠶ᠎ᠡ ᠶᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠮᠵᠢ ᠶᠢ ᠪᠠᠶᠢᠭᠤᠯᠬᠤ ᠲᠣᠭᠤᠷᠢᠨ ᠳᠤ᠂ ᠥᠮᠴᠢᠯᠡᠯ ᠤᠨ ᠡᠷᠬᠡ ᠶᠢ ᠬᠠᠮᠠᠭᠠᠯᠠᠬᠤ᠂ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ᠂ ᠡᠷᠬᠡ ᠲᠡᠭᠰᠢ ᠪᠠᠷ ᠥᠷᠢᠰᠦᠯᠳᠦᠬᠦ᠂ ᠨᠡᠶᠢᠭᠡᠮ ᠤᠨ ᠢᠲᠡᠭᠡᠮᠵᠢ ᠵᠡᠷᠭᠡ ᠵᠠᠬ᠎ᠠ | ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ︽ᠬᠤᠶᠠᠷ | ᠡᠷᠡᠰ ᠭᠤᠶᠢᠪᠢᠰᠢ ᠦᠭᠡᠢ ᠪᠠᠶᠢᠬᠤ︾ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠠᠬᠤ ᠶᠢ ᠲᠡᠮᠵᠢᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠭᠠᠳᠤ ᠬᠥᠳᠡᠯᠭᠡᠬᠦ | ᠬᠦᠴᠦᠨ ᠪᠣᠯᠣᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠪᠠᠶᠢᠭᠤᠯᠤᠮᠵᠢ᠂ ᠰᠤᠷᠭᠠᠨ ᠬᠥᠮᠦᠵᠢᠯ ᠤᠨ ᠪᠠᠶᠢᠭᠤᠯᠤᠮᠵᠢ᠂ ᠴᠢᠳᠠᠪᠤᠷᠢᠲᠠᠨ ᠤ ᠪᠠᠶᠢᠭᠤᠯᠤᠮᠵᠢ | ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ | ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠪᠠ ᠬᠤᠷᠢᠭ᠎ᠠ ᠶᠢ ᠨᠡᠪᠲᠡᠷᠡᠭᠦᠯᠬᠦ ᠬᠡᠷᠡᠭᠲᠡᠢ᠃ ᠵᠠᠬ᠎ᠠ | ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠦᠷᠭᠦᠯᠵᠢᠯᠡᠨ ᠪᠠᠶᠢᠭᠤᠯᠵᠤ᠂ ᠨᠠᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ | ᠠᠬᠤᠢ ᠶᠢᠨ ᠰᠢᠨ᠎ᠡ ᠳᠠᠪᠠᠭᠤᠯᠢᠭ ᠢ ᠪᠤᠶ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠯᠢ ᠤᠯᠠᠨ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠵᠡᠷᠭᠡ ᠶᠢ | ᠬᠡᠷᠡᠭᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠪᠡ᠃ ᠵᠢᠶᠠᠩᠰᠤ ᠬᠥᠬᠡᠮᠥ᠋ᠷᠡᠨ ᠤ ᠠᠵᠤ | ᠠᠬᠤᠢ ᠶᠢᠨ ᠪᠦᠰᠡ ᠶᠢᠨ ᠬᠥᠭᠵᠢᠯᠲᠡ ᠪᠣᠯᠣᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠪᠦᠭᠦ ᠲᠠᠯ᠎ᠠ ᠪᠠᠷ ᠠᠭᠤᠰᠤᠯᠴᠠᠨ ᠦᠢᠯᠡᠴᠢᠯᠡᠵᠦ᠂ ᠪᠤᠰᠤᠳ ᠣᠷᠣᠨ | ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠣᠨ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠯᠤᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠨᠡᠩ ᠶᠡᠭᠡ ᠬᠡᠪᠴᠢᠶᠡᠨ ᠳᠤ ᠰᠢᠨ᠎ᠡ ᠶᠢ ᠡᠭᠦᠳᠬᠦ | ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠬᠤᠯᠪᠤᠭᠠᠯᠠᠨ ᠪᠠᠶᠢᠭᠤᠯᠵᠤ᠂ ᠣᠷᠣᠨ | ᠪᠦᠰᠡ ᠴᠢᠨᠠᠭᠰᠢᠯᠠᠪᠠᠯ ᠪᠦᠭᠦ ᠤᠯᠤᠰ ᠤᠨ ᠬᠥᠭᠵᠢᠯᠲᠡ ᠳᠤ ᠦᠵᠡᠭᠦᠯᠭᠦ ᠠᠵᠤ ᠠᠬᠤᠢ ᠶᠢᠨ ᠲᠣᠮᠣ ᠮᠤᠵᠢ ᠶᠢᠨ | ᠨᠥᠯᠥᠭᠡᠯᠡᠨ ᠳᠠᠶᠢᠴᠢᠯᠠᠬᠤ ᠬᠦᠴᠦᠨ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠦᠷᠭᠦᠯᠵᠢᠯᠡᠨ ᠪᠠᠬᠢᠵᠢᠭᠦᠯᠦᠨ | ᠴᠢᠩᠭᠠᠳᠬᠠᠵᠤ᠂ ᠪᠦᠭᠦ ᠨᠡᠶᠢᠭᠡᠮ ᠤᠨ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠬᠦ ᠳᠤ᠂ ᠨᠠᠮ ᠤᠨ ᠭᠡᠰᠢᠭᠦᠨ | ᠺᠠᠳ᠋ᠷ ᠡᠩ ᠲᠡᠷᠢᠭᠦᠨ ᠳᠤ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ | ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠷᠳᠤ | ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ | ᠵᠠᠯᠠᠷᠠᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠪᠦᠭᠦ ᠨᠠᠮ ᠪᠦᠭᠦ | ᠨᠡᠶᠢᠭᠡᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠠᠮ ᠤᠨ ᠭᠡᠰᠢᠭᠦᠨ ᠺᠠᠳ᠋ᠷ ᠤᠨ ᠠᠵᠢᠯ | ᠬᠢᠵᠦ ᠦᠢᠯᠡᠰ ᠪᠣᠰᠬᠠᠬᠤ ᠤᠷᠮ᠎ᠠ ᠵᠣᠷᠢᠭ ᠢ ᠬᠥᠭᠵᠢᠭᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠥᠪᠡᠷ ᠤᠨ | ᠬᠤᠶᠠᠷ ᠭᠠᠷ ᠢᠶᠠᠷ ᠢᠶᠠᠨ ᠵᠣᠯ ᠵᠢᠷᠭᠠᠯᠲᠤ ᠠᠮᠢᠳᠤᠷᠠᠯ ᠢᠶᠠᠨ ᠴᠣᠭᠴᠠᠯᠠᠬᠤ ᠶᠢ ᠬᠥᠲᠥᠯᠥᠨ ᠵᠢᠯᠤᠭᠤᠳᠴᠤ | ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠮᠤᠷ | ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠴᠢᠨᠠᠭᠰᠢᠳᠠ ᠰᠠᠶᠢᠲᠤᠷ ᠬᠢᠵᠦ᠂ ᠤᠷᠢᠳᠴᠢᠯᠠᠨ | ᠰᠡᠷᠡᠮᠵᠢᠯᠡᠭᠦᠯᠵᠦ ᠬᠢᠨᠠᠨ ᠬᠡᠮᠵᠢᠬᠦ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ | ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠣᠷᠣᠯᠴᠠᠪᠠ᠃ | ᠮᠦ ᠬᠤᠩ᠂ ᠵᠢᠶᠠᠩ ᠰᠢᠨ ᡁᠢ ᠨᠠᠷ ᠣᠷᠣᠯᠴᠠᠪᠠ᠃ | | |