ᠰᠦᠢ ᠸᠧᠢ ᠵᠢᠶᠦ᠋ᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/6
    3 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠ ᠯᠢ ᠪᠠ ᠪᠠ ᠳ᠋ᠠᠶᠢᠲ᠋ᠠ ᠶᠢᠨ ᠲᠥᠪ ᠲᠤ ᠬᠦᠷᠴᠦ᠂ ᠪᠣᠳᠣᠯᠲᠠ ᠶᠢᠨ ᠴᠢᠳᠠᠪᠤᠷᠢ ᠶᠢᠨ ᠲᠥᠪ ᠤᠨ ᠠᠵᠢᠯᠯᠠᠭᠠᠨ ᠤ ᠵᠠᠭᠪᠤᠷ᠂ ᠪᠣᠳᠣᠯᠲᠠ ᠶᠢᠨ ᠴᠢᠳᠠᠪᠤᠷᠢ ᠶᠢᠨ ᠬᠡᠷᠡᠭᠯᠡᠭᠡᠨ ᠤ ᠲᠠᠯᠠᠪᠤᠷ ᠤᠨ ᠨᠡᠭᠡᠭᠡᠯᠲᠡ ᠵᠢᠴᠢ ᠬᠤᠪᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠨ ᠰᠣᠯᠢᠯᠴᠠᠵᠤ᠂ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠬᠠᠮᠲᠤ ᠪᠠᠷ ᠰᠤᠳᠤᠯᠵᠠᠢ᠃     ᠰᠦᠢ ᠸᠧᠢ ᠵᠢᠶᠦ᠋ᠨ᠂ ᠣᠶᠢᠷ᠎ᠠ ᠶᠢᠨ ᠵᠢᠯ ᠠᠴᠠ᠂ ᠤᠯᠠᠭᠠᠨᠴᠠᠪ ᠬᠤᠳᠠ ᠶᠢᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠰᠠᠭᠤᠷᠢ ᠲᠠᠰᠤᠷᠠᠯᠳᠡ ᠦᠭᠡᠢ ᠪᠠᠬᠢᠵᠢᠵᠦ᠂ ᠬᠥᠭᠵᠢᠯᠲᠡ ᠶᠢᠨ ᠨᠥᠭᠡᠴᠡ ᠬᠦᠴᠦᠨ ᠦᠷᠭᠦᠯᠵᠢᠯᠡᠨ ᠴᠢᠩᠭᠠᠷᠠᠪᠠ᠂ ᠡᠨᠡ ᠪᠣᠯ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠭᠦᠨᠵᠡᠭᠡᠢ ᠬᠠᠮᠲᠤᠷᠠᠯᠴᠠᠭᠰᠠᠨ ᠤ ᠦᠷ᠎ᠡ ᠪᠦᠲᠦᠭᠡᠯ ᠪᠣᠯᠣᠨ᠎ᠠ᠂ ᠠ ᠯᠢ ᠪᠠ ᠪᠠ ᠵᠡᠷᠭᠡ ᠠᠵᠤ ᠠᠬᠤᠶᠢᠯᠠᠯ ᠤᠨ ᠤᠯᠠᠭᠠᠨᠴᠠᠪ ᠢ ᠬᠠᠯᠠᠮᠵᠢᠯᠠᠵᠤ ᠪᠠᠶᠢᠬᠤ ᠪᠠ ᠭᠠᠵᠠᠷ ᠣᠷᠣᠨ ᠤ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠤᠶᠢᠯ ᠢᠶᠠᠷ ᠲᠠᠯᠠᠷᠬᠠᠵᠤ ᠪᠠᠶᠢᠨ᠎ᠠ᠃ ᠤᠯᠠᠭᠠᠨᠴᠠᠪ ᠬᠤᠳᠠ ᠶᠢᠨ ᠬᠢᠨ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠳᠤ ᠣᠷᠣᠨ ᠪᠠᠶᠢᠷᠢ᠂ ᠲᠦᠷᠦ ᠶᠢᠨ ᠪᠣᠳᠣᠯᠭ᠎ᠠ᠂ ᠪᠠᠶᠢᠭᠠᠯᠢ ᠶᠢᠨ ᠣᠷᠴᠢᠨ ᠲᠣᠭᠤᠷᠢᠨ ᠵᠡᠷᠭᠡ ᠤᠯᠠᠨ ᠲᠠᠯ᠎ᠠ ᠶᠢᠨ ᠬᠠᠮ ᠳᠠᠪᠠᠭᠤᠯᠢᠭ ᠲᠠᠢ ᠶᠤᠮ᠂ ᠢᠷᠡᠭᠡᠳᠦᠢ ᠳᠤ ᠬᠠᠨᠳᠤᠵᠤ᠂ ᠤᠯᠠᠭᠠᠨᠴᠠᠪ ᠬᠤᠳᠠ ᠶᠢᠨ ᠬᠢᠨ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠢᠲᠡᠭᠡᠯ ᠵᠣᠷᠢᠭ ᠲᠠᠢ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠤᠯᠠᠭᠠᠨᠴᠠᠪ ᠬᠤᠲᠠ ᠶᠢᠨ ᠬᠢᠨ ᠠ ᠯᠢ ᠪᠠ ᠪᠠ ᠵᠡᠷᠭᠡ ᠢᠨᠲ᠋ᠧᠷ ᠰᠦᠯᠵᠢᠶᠡᠨ ᠤ ᠲᠣᠯᠣᠭᠠᠶᠢᠯᠠᠭᠴᠢ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠣᠶᠤᠨ ᠤ ᠪᠣᠳᠣᠯᠭ᠎ᠠ ᠶᠢᠨ ᠬᠡᠷᠡᠭᠯᠡᠭᠡᠨ ᠤ ᠲᠠᠯᠠᠪᠤᠷ ᠢ ᠬᠠᠮᠲᠤ ᠪᠠᠷ ᠥᠷᠭᠡᠳᠬᠡᠨ᠂ ᠤᠯᠠᠭᠠᠨᠴᠠᠪ ᠬᠤᠲᠠ ᠶᠢ ︽ᠬᠡᠪᠴᠢᠶ᠎ᠡ ᠪᠠᠷ ᠨᠠᠩ ᠶᠡᠭᠡ᠂ ᠨᠣᠭᠤᠭᠠᠨ ᠥᠩᠭᠡ ᠨᠢ ᠨᠠᠩ ᠭᠦᠢᠴᠡᠳ᠂ ᠵᠠᠷᠤᠳᠠᠯ ᠤᠨ ᠥᠪᠡᠷ ᠤᠨ ᠥᠷᠲᠡᠭ ᠨᠢ ᠨᠠᠩ ᠳᠣᠣᠷ᠎ᠠ᠂ ᠠᠷᠪᠢᠯᠠᠬᠤ ᠦᠢᠯᠡᠳᠦᠯ ᠴᠢᠳᠠᠪᠤᠷᠢ ᠨᠢ ᠨᠠᠩ ᠥᠨᠳᠥᠷ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠨᠢ ᠨᠠᠩ ᠰᠢᠯᠢᠳᠡᠭ︾ ᠪᠥᠬᠦ ᠤᠯᠤᠰ ᠤᠨ ᠣᠶᠤᠨ ᠤ ᠪᠣᠳᠣᠯᠭ᠎ᠠ ᠶᠢᠨ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠤᠯᠠᠭᠠᠨᠴᠠᠪ ᠬᠤᠳᠠ ᠶᠢᠨ ᠬᠢᠨ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ ᠪᠣᠰᠬᠠᠬᠤ ᠳᠤ ᠪᠦᠬᠦ ᠡᠯᠧᠮᠧᠨ᠋ᠲ ᠤᠨ ᠪᠠᠲᠤᠯᠠᠭ᠎ᠠ ᠬᠠᠩᠭᠠᠵᠤ᠂ ᠨᠡᠩ ᠰᠢᠯᠢᠳᠡᠭ ᠦᠢᠯᠡᠴᠢᠯᠡᠭᠡ ᠪᠠᠷ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦ ᠨᠡᠮᠡᠷᠢᠯᠡᠨ᠎ᠡ ᠭᠡᠵᠦ ᠬᠡᠯᠡᠪᠡ᠃     ᠯᠢᠦ ᠭᠦᠸᠧ ᠭᠠᠩ᠂ ᠴᠠᠢ ᠶᠤᠸᠠᠢ ᠣᠷᠣᠯᠴᠠᠪᠠ᠃                                             ᠣᠷᠴᠢᠭᠤᠯᠤᠭᠴᠢ᠄ ᠭᠤᠸ᠎ᠠ                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2