ᠰᠢᠩ ᠾᠧ ᠰᠢᠶᠠᠨ ᠤ 2024 ᠣᠨ ᠤ 1 ᠳ᠋ᠤᠭᠡᠷ ᠰᠠᠷ᠎ᠠ ᠶᠢᠨ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠲᠠᠷᠬᠠᠭᠠᠭᠰᠠᠨ ᠪᠠᠶᠢᠳᠠᠯ
ᠨᠡᠶᠢᠲᠡᠯᠡᠭᠰᠡᠨ ᠴᠠᠭ᠄
2024/3/6
    2024 ᠣᠨ ᠤ 1 ᠳ᠋ᠤᠭᠡᠷ ᠰᠠᠷ᠎ᠠ ᠶᠢᠨ 31 ᠤ ᠡᠳᠦᠷ ᠪᠣᠯᠲᠠᠯ᠎ᠠ᠂ ᠰᠢᠩ ᠾᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠥᠪᠥᠷ ᠮᠣᠩᠭᠤᠯ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ 6647.62 ᠲᠦᠮᠡᠨ ᠲᠥᠭᠦᠷᠢᠭ ᠤᠨ ᠠᠷᠠᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠲᠠᠷᠬᠠᠭᠠᠵᠤ᠂ 7 ᠬᠦᠷᠢᠶᠡᠨ ᠤ 36 ᠲᠥᠷᠥᠯ ᠤᠨ 39 ᠵᠦᠢᠯ ᠳᠤ ᠬᠤᠯᠪᠣᠭᠳᠠᠵᠤ᠂ 244377 ᠬᠥᠮᠥᠨ ᠤᠳᠠᠭ᠎ᠠ ᠳᠤ ᠠᠰᠢᠭ ᠬᠦᠷᠲᠡᠭᠡᠪᠡ᠃     ᠡᠭᠦᠨ ᠳᠤ᠂ 304.42 ᠲᠦᠮᠡᠨ ᠲᠥᠭᠦᠷᠢᠭ ᠤᠨ ᠲᠠᠷᠢᠶᠠᠯᠠᠩ ᠤᠨ ᠲᠥᠷᠥᠯ ᠤᠨ ᠨᠥᠬᠦᠪᠦᠷᠢ ᠮᠥᠩᠭᠦ ᠲᠠᠷᠬᠠᠭᠠᠬᠤ ᠳᠤ ᠬᠤᠯᠪᠣᠭᠳᠠᠨ᠎ᠠ︔ ᠣᠶ ᠰᠢᠭᠤᠢ ᠶᠢᠨ ᠲᠥᠷᠥᠯ ᠤᠨ ᠨᠥᠬᠦᠪᠦᠷᠢ 0.8 ᠲᠦᠮᠡᠨ ᠲᠥᠭᠦᠷᠢᠭ︔ ᠰᠤᠷᠭᠠᠨ ᠬᠥᠮᠦᠵᠢᠯ ᠤᠨ ᠲᠥᠷᠥᠯ ᠤᠨ ᠨᠥᠬᠦᠪᠦᠷᠢ 27.25 ᠲᠦᠮᠡᠨ ᠲᠥᠭᠦᠷᠢᠭ︔ ᠲᠥᠯᠥᠪᠯᠡᠭᠡᠲᠦ ᠦᠷᠡᠵᠢᠯ ᠤᠨ ᠨᠥᠬᠦᠪᠦᠷᠢ ᠶᠢᠨ ᠲᠥᠷᠥᠯ 0.67 ᠲᠦᠮᠡᠨ ᠲᠥᠭᠦᠷᠢᠭ︔ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠦᠷᠢ ᠪᠡᠯᠡ ᠮᠥᠩᠭᠦ 531.84 ᠲᠦᠮᠡᠨ ᠲᠥᠭᠦᠷᠢᠭ︔ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ ᠶᠢᠨ ᠪᠡᠯᠡ ᠮᠥᠩᠭᠦ 5138.61 ᠲᠦᠮᠡᠨ ᠲᠥᠭᠦᠷᠢᠭ︔ ᠴᠠᠯᠢᠩ ᠤᠨ ᠨᠥᠬᠦᠪᠦᠷᠢ ᠶᠢᠨ ᠲᠥᠷᠥᠯ 644.02 ᠲᠦᠮᠡᠨ ᠲᠥᠭᠦᠷᠢᠭ᠃     ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠲᠠᠷᠬᠠᠭᠠᠬᠤ ᠶᠠᠪᠤᠴᠠ ᠳᠤ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢ ᠲᠠᠷᠬᠠᠭᠠᠬᠤ ᠬᠠᠮᠢᠶᠠᠷᠤᠯᠲᠠ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂ ᠨᠥᠬᠦᠪᠦᠷᠢ ᠶᠢᠨ ᠪᠡᠯᠡ ᠮᠥᠩᠭᠦ ᠶᠢ ᠮᠠᠯᠴᠢᠨ ᠲᠠᠷᠢᠶᠠᠴᠢᠳ ᠲᠤ ᠠᠮᠤᠷ ᠲᠦᠪᠰᠢᠨ᠂ ᠴᠠᠭ ᠲᠤᠬᠠᠢ ᠳᠤᠨᠢ᠂ ᠨᠠᠷᠢᠯᠢᠭ ᠤᠨᠤᠪᠴᠢᠳᠠᠢ ᠪᠠᠷ ᠣᠯᠭᠤᠬᠤ ᠶᠢ ᠦᠨᠡᠨ ᠬᠦ ᠪᠠᠲᠤᠯᠠᠭᠰᠠᠨ ᠢᠶᠠᠷ ᠪᠠᠷᠠᠬᠤ ᠦᠭᠡᠢ ᠪᠠᠰᠠ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠳᠤ ᠠᠰᠢᠭᠲᠠᠢ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2