ᠰᠦᠢ ᠸᠧᠢ ᠵᠢᠶᠦ᠋ᠨ ᠳᠥᠷᠪᠡᠳ ᠬᠤᠰᠢᠭᠤᠨ ᠳᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/7
    3 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠳᠥᠷᠪᠡᠳ ᠬᠤᠰᠢᠭᠤᠨ ᠳᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠪᠠᠶᠢᠴᠠᠭᠠᠨ ᠰᠤᠳᠤᠯᠪᠠ  ᠃     ᠳᠥᠷᠪᠡᠳ ᠬᠤᠰᠢᠭᠤᠨ ᠤ ᠴᠠᠭ ᠠᠭᠤᠷ ᠤᠨ ᠲᠣᠪᠴᠢᠶ᠎ᠠ ᠳᠤ᠂ ᠰᠦᠢ ᠸᠧᠢ ᠵᠢᠶᠦ᠋ᠨ ᠴᠠᠭ ᠠᠭᠤᠷ ᠤᠨ ᠠᠵᠢᠯ ᠵᠢᠴᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠠᠭ ᠠᠭᠤᠷ ᠤᠨ ᠠᠵᠢᠯ ᠨᠢ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠂ ᠬᠠᠪᠤᠷ ᠤᠨ ᠲᠠᠷᠢᠶᠠᠯᠠᠭ᠎ᠠ ᠶᠢᠨ ᠴᠠᠭ ᠠᠭᠤᠷ ᠤᠨ ᠦᠢᠯᠡᠴᠢᠯᠡᠭᠡ ᠶᠢ ᠦᠨᠡᠨᠬᠦ ᠰᠠᠶᠢᠲᠤᠷ ᠬᠢᠵᠦ᠂ ᠴᠠᠭ ᠠᠭᠤᠷ ᠤᠨ ᠬᠢᠨᠠᠨ ᠬᠡᠮᠵᠢᠯᠲᠡ ᠶᠢᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠦᠢᠯᠡᠴᠢᠯᠡᠭᠡ ᠶᠢ ᠦᠨᠡᠨᠬᠦ ᠰᠠᠶᠢᠲᠤᠷ ᠬᠢᠵᠦ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠥᠷᠲᠡᠭᠡ ᠴᠡᠭ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠴᠠᠭ ᠲᠤᠨᠢ ᠲᠣᠬᠢᠷᠠᠭᠤᠯᠤᠨ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠣᠨᠣᠪᠴᠢᠲᠠᠶ ᠥᠷᠨᠢᠭᠦᠯᠬᠦ ᠬᠡᠷᠡᠭᠲᠡᠢ᠃ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠢᠯᠡᠴᠢᠯᠡᠭᠡ ᠶᠢ ᠦᠨᠡᠨᠬᠦ ᠰᠠᠶᠢᠲᠤᠷ ᠬᠢᠵᠦ᠂ ᠴᠠᠭ ᠠᠭᠤᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠠᠷᠢᠯᠢᠭ ᠬᠢᠨᠠᠨ ᠬᠡᠮᠵᠢᠬᠦ᠂ ᠤᠨᠢᠨ ᠳᠡᠭᠡᠷ᠎ᠡ ᠨᠢ ᠤᠷᠢᠳᠴᠢᠯᠠᠨ ᠮᠡᠳᠡᠭᠡᠯᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠬᠡᠯᠡᠪᠡ᠃     ᠰᠦᠢ ᠸᠧᠢ ᠵᠢᠶᠦ᠋ᠨ ᠦᠷ᠎ᠡ᠂ ᠬᠢᠮᠢ ᠶᠢᠨ ᠪᠣᠷᠳᠣᠭᠤᠷ ᠤᠨ ᠪᠣᠷᠤᠯᠠᠭᠤᠯᠭ᠎ᠠ ᠶᠢᠨ ᠦᠷᠳᠡᠭᠡ ᠳᠤ ᠬᠦᠷᠴᠦ᠂ ᠡᠵᠡᠩᠨᠡᠯᠲᠡ ᠶᠢᠨ ᠡᠷᠦᠬᠡ ᠲᠠᠢ ᠳᠣᠲᠣᠨᠣ ᠪᠠᠷ ᠶᠠᠷᠢᠯᠴᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡᠯᠡᠯ᠂ ᠪᠣᠷᠤᠯᠠᠭᠤᠯᠭ᠎ᠠ ᠵᠢᠴᠢ ᠦᠨ᠎ᠡ ᠬᠠᠩᠰᠢ ᠶᠢᠨ ᠬᠡᠯᠪᠡᠯᠵᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠠᠪᠤᠷ ᠤᠨ ᠲᠠᠷᠢᠶᠠᠯᠠᠭ᠎ᠠ ᠳᠤ ᠪᠡᠯᠡᠳᠬᠡᠬᠦ ᠠᠵᠢᠯ ᠢ ᠰᠠᠶᠢᠲᠤᠷ ᠬᠢᠬᠦ ᠨᠢ ᠪᠥᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠣᠯᠬᠤ ᠪᠠ ᠲᠠᠷᠢᠶᠠᠯᠠᠩ ᠤᠨ ᠤᠨᠠᠯᠲᠠ ᠶᠢ ᠲᠣᠭᠲᠠᠪᠤᠷᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ ᠲᠤᠶᠢᠯ ᠤᠨ ᠴᠢᠬᠤᠯᠠ ᠶᠤᠮ᠃ ᠲᠠᠷᠢᠶᠠᠯᠠᠩ ᠤᠨ ᠴᠠᠭ ᠢ ᠰᠠᠭᠠᠲᠠᠭᠠᠬᠤ ᠦᠭᠡᠢ ᠪᠠᠷ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠶᠢ ᠨᠢᠭᠲᠠ ᠠᠩᠬᠠᠷᠴᠤ᠂ ᠲᠣᠬᠢᠷᠠᠭᠤᠯᠤᠯᠲᠠ ᠪᠠ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠴᠡᠭᠡ ᠶᠢ ᠦᠨᠡᠨᠬᠦ ᠪᠠᠲᠤᠯᠠᠬᠤ ᠬᠡᠷᠡᠭᠲᠡᠢ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠯᠠᠩ ᠳᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠵᠢᠷᠤᠮ ᠪᠠ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠬᠡᠯᠡᠪᠡ᠃                                          ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2