ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ ᠪᠠᠲᠤᠯᠠᠪᠤᠷᠢ ᠶᠢᠨ ᠰᠠᠭᠤᠷᠢ ᠶᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2024/3/7
    ᠨᠢᠭᠡ ᠳᠤ ᠨᠡᠶᠢᠭᠡᠮ ᠤᠨ ᠪᠠᠲᠤᠯᠠᠭ᠎ᠠ ᠶᠢ ᠨᠡᠩ ᠲᠦᠭᠡᠮᠡᠯ ᠬᠠᠷᠠᠭᠠᠯᠵᠠᠭᠤᠯᠤᠨ᠎ᠡ᠃ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 15.45 ᠲᠦᠮᠡ ᠳᠤ ᠬᠦᠷᠴᠦ᠂ ᠨᠡᠶᠢᠲᠡ 2.35 ᠳ᠋ᠦᠩᠰᠢᠭᠤᠷ ᠲᠥᠭᠦᠷᠢᠭ ᠨᠢᠭᠡᠳᠦᠯᠲᠡᠢ ᠲᠥᠯᠥᠪᠯᠡᠨ ᠥᠭᠴᠦ᠂ ᠪᠥᠬᠦ ᠵᠢᠯ ᠤᠨ ᠡᠮᠨᠡᠯᠭᠡ ᠳᠤ ᠰᠠᠭᠤᠭᠰᠠᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠭᠰᠠᠨ ᠳᠤᠮᠳᠠᠴᠢ ᠨᠣᠷᠮ᠎ᠠ 82% ᠬᠦᠷᠴᠦ᠂ ᠥᠪᠡᠷᠲᠡᠭᠡᠨ ᠵᠠᠰᠠᠬᠤ ᠣᠷᠣᠨ ᠤ ᠵᠢᠱᠢᠭᠰᠡᠨ ᠭᠦᠢᠴᠡᠳᠬᠡᠯ ᠲᠤᠭ᠎ᠠ ᠠᠴᠠ ᠥᠨᠳᠥᠷ ᠪᠣᠯᠪᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠵᠡᠮᠳᠡᠭ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠵᠡᠷᠭᠡ ᠡᠯ᠎ᠡ ᠲᠥᠷᠥᠯ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠨᠡᠶᠢᠲᠡ 3.75 ᠳ᠋ᠦᠩᠰᠢᠭᠤᠷ ᠲᠥᠭᠦᠷᠢᠭ ᠲᠠᠷᠬᠠᠭᠠᠪᠠ᠃     ᠬᠤᠶᠠᠷ ᠲᠤ ᠨᠡᠶᠢᠭᠡᠮ ᠤᠨ ᠦᠢᠯᠡᠰ ᠢ ᠵᠣᠬᠢᠴᠠᠩᠭᠤᠢ ᠪᠠᠷ ᠬᠥᠭᠵᠢᠭᠦᠯᠤᠨ᠎ᠡ᠃ ᠰᠤᠷᠭᠠᠭᠤᠯᠢ ᠶᠢᠨ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠵᠦ᠂ ᠠᠨᠠᠷ ᠤᠨ ᠦᠷ᠎ᠡ ᠶᠢᠨ ᠰᠤᠷᠭᠠᠭᠤᠯᠢ ᠶᠢᠨ ᠭᠤᠣᠯ ᠴᠣᠭᠴᠠ ᠶᠢᠨ ᠠᠵᠢᠯ ᠳᠠᠭᠤᠰᠴᠤ᠂ ᠬᠤᠰᠢᠭᠤᠨ ᠤ ᠬᠡᠦᠬᠡᠳ ᠤᠨ ᠴᠡᠴᠡᠷᠯᠢᠭ ᠤᠨ ᠡᠮᠦᠨ᠎ᠡ ᠬᠦᠷᠢᠶᠡᠯᠡᠩ ᠤᠨ ᠠᠵᠢᠯ ᠳᠠᠭᠤᠰᠴᠤ ᠰᠢᠯᠭᠠᠨ ᠬᠤᠷᠢᠶᠠᠪᠡ᠃ ᠨᠡᠶᠢᠲᠡ 283 ᠵᠠᠯᠠᠭᠤ ᠪᠠᠭᠰᠢ ᠶᠢ ᠨᠥᠬᠦᠪᠦᠷᠢᠯᠡᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠴᠢᠩᠭ᠎ᠠ ᠬᠦᠴᠦᠲᠡᠢ ᠪᠠᠭᠰᠢ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠬᠤᠳᠠ ᠪᠠᠯᠭᠠᠰᠤᠨ ᠤ 1442 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3% ᠶᠢᠨ ᠳᠣᠲᠣᠷ᠎ᠠ ᠬᠢᠵᠠᠭᠠᠷᠯᠠᠪᠠ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭᠠᠨ ᠤ ᠪᠡᠯᠡ ᠮᠥᠩᠭᠦ ᠶᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ 2625 ᠲᠣᠬᠢᠷᠠᠭᠤᠯᠵᠤ᠂ ᠮᠠᠯᠴᠢᠨ ᠲᠠᠷᠢᠶᠠᠴᠢᠨ ᠢ ᠭᠡᠷ ᠤᠨ ᠡᠭᠦᠳᠡᠨ ᠳᠤ ᠣᠶᠢᠷ᠎ᠠ ᠬᠠᠪᠢ ᠳᠤᠨᠢ ᠠᠵᠢᠯ ᠣᠯᠭᠤᠨ᠎ᠠ᠃     ᠭᠤᠷᠪᠠ ᠳᠤ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠡᠩ ᠪᠠᠲᠤ ᠪᠠᠬᠢ ᠪᠣᠯᠭᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠶᠤᠯᠭᠦᠢ ᠦᠢᠯᠡᠳᠪᠦᠷᠢᠯᠡᠯ ᠤᠨ ︽ᠠᠷᠪᠠᠨ ᠲᠠᠪᠤᠨ ᠵᠤᠷᠪᠤᠰ︾  ᠤᠨ ᠬᠠᠲᠠᠭᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠳᠠᠬᠢ ᠭᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ 2906 ᠠᠰᠠᠭᠤᠳᠠᠯ ᠤᠨ ᠭᠡᠮ ᠰᠣᠭᠤᠭ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠵᠤ᠂ ᠡᠷᠡᠭᠦᠯ ᠪᠤᠰᠤ ᠵᠢᠭᠡᠯᠡᠯᠭᠡ ᠶᠢᠨ ᠦᠯᠡᠳᠡᠪᠦᠷᠢ ᠪᠣᠯᠣᠨ ᠡᠷᠡᠭᠦᠯ ᠪᠤᠰᠤ ᠵᠢᠭᠡᠯᠡᠯᠭᠡ ᠶᠢᠨ ᠨᠣᠷᠮ᠎ᠠ ᠶᠢ ︽ᠬᠤᠶᠠᠷ ᠲᠠᠯ᠎ᠠ ᠪᠠᠷ ᠪᠠᠭᠤᠷᠠᠭᠤᠯᠬᠤ︾ ᠶᠢ ᠪᠡᠶᠡᠯᠡᠭᠦᠯᠪᠡ᠃                            ᠵᠤᠬᠢᠶᠠᠭᠴᠢ᠄ ᠪᠤᠤ ᠵᠠᠨ ᠹᠧᠢ                            ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2