ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶ᠎ᠠ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ ᠬᠤᠳᠠ ᠶᠢᠨ ᠠᠷᠢᠭᠤᠨ ᠴᠡᠪᠡᠷ ᠢᠶᠠᠷ ᠳᠤᠯᠠᠭᠠᠯᠠᠬᠤ ᠠᠵᠢᠯ ᠤᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/3/8
    3 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠠᠷᠢᠭᠤᠨ ᠴᠡᠪᠡᠷ ᠢᠶᠠᠷ ᠳᠤᠯᠠᠭᠠᠯᠠᠬᠤ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠰᠦᠢ ᠸᠧᠢ ᠵᠢᠶᠦ᠋ᠨ᠂ ᠠᠷᠢᠭᠤᠨ ᠴᠡᠪᠡᠷ ᠢᠶᠠᠷ ᠳᠤᠯᠠᠭᠠᠯᠠᠬᠤ ᠠᠵᠢᠯ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠵᠤ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠠᠨ ᠲᠦᠮᠡᠨ ᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠤᠬᠠᠭᠤᠯᠤᠨ ᠳᠠᠶᠢᠴᠢᠯᠠᠬᠤ᠂ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠱᠤᠭᠤᠮ ᠪᠠ ᠲᠣᠰᠬᠤᠨ᠂ ᠡᠷᠦᠬᠡ ᠶᠢ ᠲᠣᠭᠲᠠᠭᠠᠬᠤ ᠳᠤ ᠤᠨᠢᠨ ᠳᠡᠭᠡᠷ᠎ᠡ ᠨᠢ ᠣᠨᠣᠪᠴᠢᠲᠠᠢ ᠪᠠᠶᠢᠬᠤ ᠬᠡᠷᠡᠭᠲᠡᠢ᠃ ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠲᠥᠬᠦᠭᠡᠷᠦᠮᠵᠢ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ᠂ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ ᠲᠤᠰᠬᠠᠢ ᠠᠩᠭᠢ ᠪᠠᠷ ᠬᠠᠮᠵᠢᠯᠴᠠᠬᠤ ᠶᠢ ᠪᠠᠷᠢᠮᠲᠠᠯᠠᠨ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠰᠠᠯᠭᠠᠨ ᠥᠭᠬᠦ ᠲᠣᠬᠢᠷᠠᠭᠤᠯᠤᠯᠲᠠ ᠶᠢ ᠴᠢᠩᠭᠠᠳᠬᠠᠨ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ᠃ ︽ᠳᠥᠷᠪᠡ ᠶᠢ ᠥᠭᠡᠷᠡᠴᠢᠯᠡᠬᠦ︾  ᠶᠢ ᠵᠡᠷᠭᠡᠪᠡᠷ ᠠᠬᠢᠭᠤᠯᠬᠤ ᠶᠢ ᠪᠠᠷᠢᠮᠲᠠᠯᠠᠵᠤ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ᠂ ᠲᠥᠪᠯᠡᠷᠡᠭᠦᠯᠦᠨ ᠢᠯᠴᠢ ᠬᠠᠩᠭᠠᠬᠤ ᠭᠦᠸᠧᠯᠦ ᠶᠢᠨ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠶᠣᠰᠣᠭᠠᠷ ᠠᠷᠢᠭᠤᠨ ᠴᠡᠪᠡᠷ ᠳᠤᠯᠠᠭᠠᠯᠭ᠎ᠠ ᠶᠢᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠯᠢᠦ ᠭᠦᠸᠧ ᠭᠠᠩ᠂ ᠢᠦᠢ ᠬᠠᠢ ᠴᠧᠩ ᠣᠷᠣᠯᠴᠠᠵᠠᠢ᠃                                              ᠣᠷᠴᠢᠭᠤᠯᠤᠭᠴᠢ᠄ ᠭᠤᠸ᠎ᠠ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2