ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/3/8
ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠡᠩᠬᠡ ᠵᠠᠮ ᠤᠨ 52 ᠳ᠋ᠤᠭᠠᠷ ᠨᠣᠮᠧᠷ ᠠᠵᠢᠯᠯᠠᠬᠤ ᠴᠠᠭ᠄ 9᠄ 00 ︱ 18᠄ 00 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶ ᠬᠠᠷᠢᠯᠴᠠᠬᠤ ᠤᠲᠠᠰᠤ᠄ 0474 ︱ 8283406 ᠬᠠᠷᠢᠭᠤᠴᠠᠯᠭᠠᠲᠠᠨ ᠤ ᠣᠪᠣᠭ ᠨᠡᠷ᠎ᠡ᠄ ᠸᠠᠩ ᠶᠢᠩ ᠪᠠ ᠬᠤᠶᠠᠳᠤᠭᠠᠷ ᠳᠡᠰ ᠤᠨ ᠨᠢᠭᠡᠴᠢ᠄ ᠤᠯᠠᠭᠠᠨᠴᠠᠪ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ    ᠤᠯᠠᠭᠠᠨᠴᠠᠪ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ᠂ ᠤᠯᠠᠭᠠᠨᠴᠠᠪ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠦᠢᠯᠡᠴᠢᠯᠡᠭᠡᠨ ᠤ ᠲᠥᠪ ᠤᠨ ᠫᠠᠶᠢᠰᠠ ᠶᠢ ᠡᠯᠭᠦᠨ᠎ᠡ᠂ ᠭᠤᠣᠯ ᠡᠭᠦᠷᠭᠡ ᠬᠠᠷᠢᠭᠤᠴᠠᠯᠭ᠎ᠠ᠄ 1.ᠲᠣᠪᠴᠢᠶ᠎ᠠ ᠶᠢᠨ ᠪᠠᠶᠢᠭᠤᠯᠭ᠎ᠠ ᠶᠢ ᠬᠠᠮᠵᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠵᠠᠰᠠᠭ ᠵᠠᠬᠢᠷᠭᠠᠨ ᠤ ᠬᠠᠷᠢᠴᠠᠭ᠎ᠠ᠂ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ᠂ ᠬᠠᠩᠭᠠᠯᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠵᠠᠯᠭᠠᠬᠤ ᠪᠠ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠵᠡᠷᠭᠡ ᠠᠵᠢᠯ ᠢ ᠰᠠᠶᠢᠲᠤᠷ ᠬᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠡᠭᠦᠳᠡᠯ ᠨᠠᠮ ᠤᠨ ᠭᠡᠰᠢᠭᠦᠨ ᠢ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠳᠤ ᠣᠷᠣᠭᠤᠯᠬᠤ ᠶᠢ ᠠᠬᠢᠭᠤᠯᠵᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠬᠠᠮᠵᠢᠯᠴᠠᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠦᠢᠯᠡᠴᠢᠯᠡᠭᠡ ᠶᠢ ᠰᠠᠶᠢᠲᠤᠷ ᠬᠢᠨ᠎ᠡ᠃ 2.ᠪᠠᠶᠢᠭᠤᠯᠭ᠎ᠠ ᠶᠢ ᠬᠠᠮᠵᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠵᠠᠬᠢᠳᠠᠯ ᠰᠣᠷᠪᠤᠯᠵᠢᠯᠠᠭ᠎ᠠ᠂ ᠭᠥᠯᠢᠶᠡᠨ ᠠᠪᠴᠤ ᠰᠢᠢᠳᠪᠦᠷᠢᠯᠡᠬᠦ᠂ ᠰᠡᠳᠬᠢᠴᠡ ᠶᠢᠨ ᠵᠢᠯᠣᠭᠤᠳᠤᠯᠭ᠎ᠠ᠂ ᠡᠷᠬᠡ ᠠᠰᠢᠭ ᠤᠨ ᠯᠠᠪᠯᠠᠭ᠎ᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠬᠠᠤᠯᠢ ᠴᠠᠭᠠᠵᠠ ᠶᠢᠨ ᠦᠢᠯᠡᠴᠢᠯᠡᠭᠡ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠬᠤ᠂ ᠬᠥᠲᠥᠯᠥᠨ ᠵᠢᠯᠤᠭᠤᠳᠬᠤ ᠵᠡᠷᠭᠡ ᠠᠵᠢᠯ ᠢ ᠰᠠᠶᠢᠲᠤᠷ ᠬᠢᠨ᠎ᠡ᠃ 3. ᠪᠠᠶᠢᠭᠤᠯᠭ᠎ᠠ ᠶᠢ ᠬᠠᠮᠵᠢᠨ ᠴᠡᠷᠢᠭ ᠤᠨ ᠭᠡᠷ ᠪᠦᠯᠢ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠰᠢᠷᠬᠠᠲᠤᠵᠤ ᠡᠪᠡᠳᠴᠢᠯᠡᠭᠰᠡᠨ ᠵᠡᠮᠳᠡᠭ ᠴᠡᠷᠢᠭ᠂ ᠡᠪᠡᠳᠴᠢᠨ ᠲᠠᠢ ᠨᠤᠲᠤᠭ ᠲᠠᠭᠠᠨ ᠪᠤᠴᠠᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠢᠯᠡᠴᠢᠯᠡᠬᠦ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃ 4. ᠪᠠᠶᠢᠭᠤᠯᠭ᠎ᠠ ᠶᠢ ᠬᠠᠮᠵᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠨ ᠵᠠᠳᠠᠯᠬᠤ᠂ ᠮᠠᠲ᠋ᠧᠷᠢᠶᠠᠯ ᠤᠨ ᠬᠠᠮᠢᠶᠠᠷᠤᠯᠲᠠ ᠶᠢ ᠲᠠᠩᠰᠠ ᠡᠪᠬᠡᠮᠡᠯ ᠳᠤ ᠣᠷᠣᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ 5. ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ  ᠦᠢᠯᠡᠴᠢᠯᠡᠭᠡᠨ ᠪᠠ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠬᠠᠩᠭᠠᠬᠤ ᠶᠢ ᠬᠠᠷᠢᠭᠤᠴᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠬᠠᠮᠵᠢᠨ ᠥᠷᠨᠢᠭᠦᠯᠵᠦ᠂ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠢ ᠤᠷᠢᠨ ᠤᠷᠢᠬᠤ ᠴᠤᠭᠯᠠᠭᠠᠨ᠂ ᠲᠠᠨᠢᠯᠴᠠᠭᠤᠯᠬᠤ ᠬᠤᠷᠠᠯ᠂ ᠠᠵᠢᠯ ᠣᠯᠭᠤᠬᠤ ᠶᠠᠷᠢᠶᠠᠨ ᠤ ᠲᠠᠪᠴᠠᠩ ᠵᠡᠷᠭᠡ ᠶᠢ ᠳᠠᠭᠠᠭᠠᠨ ᠭᠦᠢᠴᠡᠳᠬᠡᠵᠦ᠂ ᠠᠵᠢᠯ ᠣᠯᠵᠤ ᠠᠳᠠᠯ ᠦᠢᠯᠡᠰ ᠴᠣᠭᠴᠠᠯᠠᠭᠰᠠᠨ᠂ ᠬᠦᠴᠢᠷᠳᠡᠯᠲᠡᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠴᠡᠷᠢᠭ ᠤᠨ ᠭᠡᠷ ᠪᠦᠯᠢ ᠶᠢᠨ ᠬᠢᠨ ᠢ ᠬᠠᠪᠰᠤᠷᠤᠨ ᠲᠡᠳᠬᠦᠵᠦ ᠲᠤᠰᠠᠯᠠᠬᠤ ᠲᠠᠪᠴᠠᠩ ᠢ ᠪᠠᠶᠢᠭᠤᠯᠤᠨ᠎ᠠ᠃ 6. ᠪᠥᠬᠦ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ 7. ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠲᠤᠰᠠᠯᠠᠬᠤ ᠴᠢᠨᠠᠷᠲᠠᠢ᠂ ᠦᠢᠯᠡᠴᠢᠯᠡᠭᠡᠨ ᠤ ᠴᠢᠨᠠᠷᠲᠠᠢ ᠠᠵᠢᠯ ᠢ ᠬᠠᠷᠢᠭᠤᠴᠠᠨ᠎ᠠ᠃ 8. ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠡᠩᠬᠡ ᠵᠠᠮ ᠤᠨ 52 ᠳ᠋ᠤᠭᠠᠷ ᠨᠣᠮᠧᠷ ᠠᠵᠢᠯᠯᠠᠬᠤ ᠴᠠᠭ᠄ 09᠄ 00 ︱ 18᠄ 00 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶ ᠬᠠᠷᠢᠯᠴᠠᠬᠤ ᠤᠲᠠᠰᠤ᠄ 0474 ︱ 8299085 ᠬᠠᠷᠢᠭᠤᠴᠠᠯᠭᠠᠲᠠᠨ ᠤ ᠣᠪᠣᠭ ᠨᠡᠷ᠎ᠡ᠄ ᠷᠧᠨ ᠯᠢ ᠬᠤᠩ ᠤᠯᠠᠭᠠᠨᠴᠠᠪ ᠬᠤᠲᠠ ᠶᠢᠨ ᠴᠡᠷᠢᠭ ᠠᠩᠭᠢ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠠᠮᠠᠷᠠᠯᠲᠠ ᠶᠢᠨ ᠭᠠᠵᠠᠷ ᠭᠤᠣᠯ ᠡᠭᠦᠷᠭᠡ ᠬᠠᠷᠢᠭᠤᠴᠠᠯᠭ᠎ᠠ ᠡᠭᠦᠷᠭᠡ᠄ 1. ᠵᠠᠰᠠᠭ ᠤᠨ ᠣᠷᠳᠣᠨ ᠳᠤ ᠰᠢᠯᠵᠢᠭᠦᠯᠦᠨ ᠲᠤᠰᠢᠶᠠᠵᠤ ᠲᠥᠪᠬᠢᠨᠡᠭᠦᠯᠦᠭᠰᠡᠨ ᠴᠡᠷᠢᠭ ᠠᠴᠠ ᠠᠮᠠᠷᠠᠭᠰᠠᠨ ᠺᠠᠳ᠋ᠷᠴᠤᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠡᠭᠦᠷᠭᠡᠯᠡᠵᠦ᠂ ᠪᠠᠶᠢᠭᠤᠯᠭ᠎ᠠ ᠶᠢ ᠬᠠᠮᠵᠢᠨ ᠴᠡᠷᠢᠭ ᠠᠴᠠ ᠠᠮᠠᠷᠠᠭᠰᠠᠨ ᠺᠠᠳ᠋ᠷᠴᠤᠳ ᠤᠨ ᠤᠯᠤᠰ ᠲᠥᠷᠥ ᠶᠢᠨ ᠠᠮᠢᠳᠤᠷᠠᠯ ᠤᠨ ᠣᠯᠭᠤᠮᠵᠢ ᠶᠢ ᠨᠠᠶᠢᠳᠠᠪᠤᠷᠢᠵᠢᠭᠤᠯᠤᠨ᠎ᠠ᠃ 2. ᠲᠣᠪᠴᠢᠶᠠᠨ ᠤ ᠪᠠᠶᠢᠭᠤᠯᠭ᠎ᠠ ᠶᠢ ᠬᠠᠮᠵᠢᠨ ᠴᠡᠷᠢᠭ ᠠᠴᠠ ᠠᠮᠠᠷᠠᠭᠰᠠᠨ ᠺᠠᠳ᠋ᠷᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠠ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ᠃ 3. ᠴᠡᠷᠢᠭ ᠠᠴᠠ ᠠᠮᠠᠷᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠵᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠪᠠ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠦᠷᠨᠢᠭᠦᠯᠦᠨ᠎ᠡ᠃4. ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠡᠩᠬᠡ ᠵᠠᠮ ᠤᠨ 52 ᠳ᠋ᠤᠭᠠᠷ ᠠᠰᠠᠷ ᠤᠨ 2 ᠳ᠋ᠤᠭᠠᠷ ᠠᠰᠠᠷ ᠤᠨ ᠵᠡᠭᠦᠨ ᠲᠠᠯ᠎ᠠ ᠠᠵᠢᠯᠯᠠᠬᠤ ᠴᠠᠭ᠄ 09᠄ 00 ︱ 18᠄ 00 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶ ᠬᠠᠷᠢᠯᠴᠠᠬᠤ ᠤᠲᠠᠰᠤ᠄ 0474︱8321399 ᠬᠠᠷᠢᠭᠤᠴᠠᠯᠭᠠᠲᠠᠨ ᠤ ᠣᠪᠣᠭ ᠨᠡᠷ᠎ᠡ᠄ ᠸᠠᠩ ᠵᠧᠨ ᠦ᠋ ᠤᠯᠠᠭᠠᠨᠴᠠᠪ ᠬᠤᠲᠠ ᠶᠢᠨ ᠴᠡᠷᠢᠭ ᠤᠨ ᠢᠳᠡᠭᠡᠨ ᠤᠮᠳᠠᠭᠠᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠠᠵᠢᠯᠯᠠᠬᠤ ᠴᠠᠭ᠄ 09᠄ 00 ︱ 18᠄ 00 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠵᠢᠴᠢ ᠬᠤᠣᠰ ᠠᠮᠠᠷᠠᠯᠲᠠ ᠶᠢᠨ ᠡᠳᠦᠷ ᠠᠴᠠ ᠭᠠᠳᠠᠨ᠎ᠠ︶ ᠬᠠᠷᠢᠯᠴᠠᠬᠤ ᠤᠲᠠᠰᠤ᠄ 0474 ︱ 8261691 ᠬᠠᠷᠢᠭᠤᠴᠠᠯᠭᠠᠲᠠᠨ ᠤ ᠣᠪᠣᠭ ᠨᠡᠷ᠎ᠡ᠄ ᠢᠦᠢ ᠶᠦᠩ ᠵᠢᠶᠦ᠋ᠨ                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2