| | ᠵᠢᠨᠢᠩ ᠲᠣᠭᠤᠷᠢᠭ ᠤᠨ ᠦᠨᠳᠦᠰᠦᠲᠡᠨ ᠤ ᠣᠨᠴᠠ ᠭᠠᠷᠤᠯᠲᠠ ᠶᠢᠨ ᠢᠳᠡᠭᠡᠨ ᠤ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠵᠡᠩᠨᠡᠭᠴᠢᠳ ᠤᠨ ᠢᠳᠡᠭᠡᠨ ᠤ ᠠᠮᠤᠷ ᠲᠦᠪᠰᠢᠨ ᠤ | ᠥᠪᠡᠷ ᠢ ᠪᠠᠨ ᠱᠠᠭᠠᠷᠳᠠᠬᠤ ᠤᠬᠠᠮᠰᠠᠷ ᠢ ᠴᠢᠩᠭᠠᠷᠠᠭᠤᠯᠤᠨ᠂ ᠪᠣᠷᠤᠯᠠᠭᠤᠯᠭ᠎ᠠ ᠶᠢᠨ ᠵᠠᠩᠭᠢᠯᠠᠭ᠎ᠠ ᠶᠢᠨ ᠢᠳᠡᠭᠡᠨ ᠤ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠵᠢᠨᠢᠩ | ᠲᠣᠭᠤᠷᠢᠭ ᠤᠨ ᠬᠢᠨ ᠬᠠᠷᠢᠶ᠎ᠠ ᠣᠷᠣᠨ ᠤ ᠪᠠᠨ ᠦᠨᠳᠦᠰᠦᠲᠡᠨ ᠤ ᠣᠨᠴᠠ ᠭᠠᠷᠤᠯᠲᠠ ᠶᠢᠨ ᠢᠳᠡᠭᠡᠨ ᠤ ᠳᠡᠯᠭᠡᠭᠦᠷ ᠲᠤ | ᠬᠢᠨᠠᠯᠲᠠ ᠲᠠᠯᠪᠢᠵᠤ ᠪᠠᠶᠢᠴᠠᠭᠠᠬᠤ ︽ᠡᠷᠭᠢᠵᠦ ᠦᠵᠡᠬᠦ︾ ᠲᠤᠰᠬᠠᠢ ᠠᠵᠢᠯᠯᠠᠭ᠎ᠠ ᠥᠷᠨᠢᠭᠦᠯᠪᠡ᠃ | ᠲᠤᠰ ᠤᠳᠠᠭᠠᠨ ᠤ ᠲᠤᠰᠬᠠᠢ ᠪᠠᠶᠢᠴᠠᠭᠠᠯᠲᠠ ᠳᠤ ᠪᠣᠷᠤᠯᠠᠭᠤᠯᠭ᠎ᠠ ᠶᠢᠨ ᠦᠶᠡᠯᠡᠯ ᠤᠨ ᠬᠤᠭᠤᠴᠠᠭ᠎ᠠ ᠣᠬᠤᠷ᠂ | ᠬᠠᠳᠠᠭᠠᠯᠠᠬᠤ ᠳᠤ ᠳᠥᠭᠦᠮ ᠦᠭᠡᠢ ᠰᠤᠯᠠ ᠰᠠᠪᠠᠯᠠᠭᠰᠠᠨ ᠦᠬᠡᠷ ᠤᠨ ᠪᠣᠷᠴᠠ᠂ ᠴᠠᠭᠠᠨ ᠢᠳᠡᠭᠡ ᠵᠡᠷᠭᠡ ᠪᠠᠷ | ᠭᠤᠣᠯᠳᠠᠯᠭ᠎ᠠ ᠪᠣᠯᠭᠠᠵᠤ᠂ ᠲᠤᠬᠠᠢ ᠶᠢᠨ ᠲᠠᠯᠠᠪᠤᠷ ᠲᠤ ᠬᠠᠤᠯᠢ ᠲᠣᠭᠲᠠᠭᠠᠯ ᠠᠴᠠ ᠵᠥᠷᠢᠴᠡᠨ ᠬᠠᠲᠠᠭᠠᠭᠰᠠᠨ ᠪᠣᠷᠴᠠ | ᠪᠠ ᠴᠠᠭᠠᠨ ᠢᠳᠡᠭᠡ ᠬᠤᠪᠢᠶᠠᠨ ᠰᠠᠪᠠᠯᠠᠭᠰᠠᠨ᠂ ᠬᠠᠭᠤᠷᠮᠠᠭ ᠶᠠᠭᠤᠮ᠎ᠠ ᠬᠤᠯᠢᠭᠰᠠᠨ᠂ ᠬᠠᠭᠤᠷᠮᠠᠭ ᠶᠠᠭᠤᠮ᠎ᠠ ᠪᠠᠷ | ᠵᠢᠩᠬᠢᠨᠢ ᠶᠠᠭᠤᠮ᠎ᠠ ᠶᠢ ᠣᠷᠣᠯᠠᠭᠤᠯᠤᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ | ᠨᠠᠷᠢᠨ ᠨᠢᠮᠪᠠᠢ ᠪᠠᠶᠢᠴᠠᠭᠠᠵᠤ᠂ ᠪᠣᠷᠣᠯᠠᠭᠤᠯᠤᠭᠰᠠᠨ ᠡᠬᠡ ᠲᠠᠩᠰᠠ᠂ ᠬᠥᠮᠥᠷᠭᠡ ᠳᠤ ᠬᠠᠳᠠᠭᠠᠯᠠᠭᠰᠠᠨ᠂ ᠪᠤᠴᠠᠭᠠᠨ | ᠬᠤᠷᠢᠶᠠᠭᠰᠠᠨ ᠪᠠ ᠨᠡᠮᠡᠭᠦᠦ ᠦᠢᠯᠡᠳᠬᠦᠨ ᠢ ᠰᠢᠢᠳᠪᠦᠷᠢᠯᠡᠭᠰᠡᠨ ᠪᠠᠶᠢᠳᠠᠯ ᠢ ᠲᠤᠬᠠᠢ ᠶᠢᠨ ᠲᠠᠯᠠᠪᠤᠷ ᠲᠤᠨᠢ ᠪᠠᠶᠢᠴᠠᠭᠠᠨ | ᠦᠵᠡᠬᠦ ᠶᠢᠨ ᠬᠠᠮᠲᠤ ᠡᠵᠡᠩᠨᠡᠯᠲᠡ ᠶᠢᠨ ᠡᠷᠦᠬᠡ ᠶᠢ ᠰᠢᠮᠳᠠᠭᠤᠯᠵᠤ ᠪᠠᠶᠢᠭᠠᠳ ᠴᠢᠨᠠᠷ ᠢ ᠪᠠᠲᠤᠯᠠᠬᠤ ᠬᠤᠭᠤᠴᠠᠭᠠᠨ ᠳᠤ | ᠣᠶᠢᠷᠠᠲᠤᠭᠰᠠᠨ ᠢᠳᠡᠭᠡᠨ ᠢ ᠴᠠᠭ ᠲᠤᠬᠠᠢ ᠳᠤᠨᠢ ᠲᠠᠯᠪᠢᠭᠤᠷ ᠠᠴᠠ ᠪᠠᠭᠤᠯᠭᠠᠵᠤ᠂ ᠲᠤᠰᠬᠠᠢ ᠣᠷᠣᠨ ᠳᠤ | ᠬᠠᠳᠠᠭᠠᠯᠠᠨ ᠲᠠᠯᠪᠢᠵᠤ᠂ ᠢᠯᠡᠷᠬᠡᠢ ᠲᠡᠮᠳᠡᠭ ᠲᠠᠯᠪᠢᠵᠤ᠂ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ | ᠢᠳᠡᠭᠡᠨ ᠤ ᠠᠶᠤᠯ ᠦᠭᠡᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠭᠯᠡᠭᠦᠯᠬᠦ ᠴᠢᠨᠠᠷᠲᠠᠢ ᠪᠠᠷ ᠤᠬᠠᠭᠤᠯᠤᠨ | ᠲᠦᠭᠡᠮᠡᠯᠵᠢᠭᠦᠯᠵᠦ᠂ ᠢᠳᠡᠭᠡᠨ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ | ᠨᠡᠮᠡᠭᠳᠡᠭᠦᠯᠦᠨ᠂ ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠣᠯᠣᠨ ᠠᠶᠤᠯ ᠦᠭᠡᠢ | ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ ᠭᠡᠵᠡᠢ᠃ | 3 ᠳ᠋ᠤᠭᠠᠷ ᠰᠠᠷ᠎ᠠ ᠶᠢᠨ 6 ᠤ ᠡᠳᠦᠷ ᠪᠣᠯᠲᠠᠯ᠎ᠠ᠂ ᠪᠥᠬᠦ ᠣᠷᠣᠨ ᠤ 123 ᠣᠨᠴᠠ ᠭᠠᠷᠤᠯᠲᠠ ᠶᠢᠨ ᠳᠡᠯᠭᠡᠭᠦᠷ | ︵ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠵᠤ ᠠᠬᠤᠶᠢᠯᠠᠯ 2 ᠪᠠᠭᠲᠠᠨ᠎ᠠ︶᠂ 5 | ᠦᠢᠯᠡᠳᠪᠦᠷᠢᠯᠡᠯ ᠤᠨ ᠠᠵᠤ ᠠᠬᠤᠶᠢᠯᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠨᠢᠭᠡᠨᠲᠡ 110 | ᠡᠵᠡᠩᠨᠡᠯᠲᠡ ᠶᠢᠨ ᠭᠤᠣᠯ ᠴᠣᠭᠴᠠ ᠶᠢ ᠭᠠᠭ᠋ᠠᠢ ᠶᠢᠨ ᠮᠢᠬ᠎ᠠ ᠶᠢᠨ ᠬᠠᠲᠠᠭᠠᠮᠠᠯ ᠢᠶᠠᠨ ᠬᠠᠶᠠᠭᠤᠯᠬᠤ ᠪᠠᠷ ᠢᠳᠬᠠᠵᠤ᠂ 3 | ᠬᠤᠳᠠᠯᠳᠤᠭᠠᠴᠢᠨ ᠡᠷᠦᠬᠡ ᠶᠢᠨ ᠲᠡᠮᠳᠡᠭ ᠦᠭᠡᠢ ᠱᠣᠰᠢᠭ᠎ᠠ ᠲᠡᠮᠳᠡᠭ ᠦᠭᠡᠢ ᠤᠷᠢᠳᠴᠢᠯᠠᠨ ᠪᠣᠭᠤᠳᠠᠯᠯᠠᠭᠰᠠᠨ | ᠢᠳᠡᠭᠡᠨ᠂ ᠬᠤᠭᠤᠴᠠᠭ᠎ᠠ ᠨᠢ ᠥᠩᠭᠡᠷᠡᠭᠰᠡᠨ ᠢᠳᠡᠭᠡᠨ ᠢ ᠪᠣᠷᠣᠯᠠᠭᠤᠯᠤᠭᠰᠠᠨ ᠰᠡᠵᠢᠭᠯᠡᠯᠲᠡᠢ ᠵᠡᠷᠭᠡ ᠬᠠᠤᠯᠢ ᠶᠢ | ᠵᠥᠷᠢᠴᠡᠭᠰᠡᠨ ᠡᠵᠡᠩᠨᠡᠯᠲᠡ ᠶᠢᠨ ᠦᠶᠯᠡ ᠠᠵᠢᠯᠯᠠᠭ᠎ᠠ᠂ ᠨᠢᠭᠡᠨᠲᠡ ᠬᠠᠤᠯᠢ ᠶᠢ ᠵᠥᠷᠢᠴᠡᠨ ᠪᠣᠷᠣᠯᠠᠭᠤᠯᠤᠭᠰᠠᠨ 82.7 | ᠺᠢᠯᠣᠭ᠍ᠷᠠᠮ ᠬᠢᠷᠢ ᠲᠡᠩᠴᠡᠬᠦ ᠦᠭᠡᠢ ︽ᠬᠠᠲᠠᠭᠠᠮᠠᠯ ᠮᠢᠬ᠎ᠠ︾ ᠶᠢ ᠪᠦᠬᠦᠨ ᠢ ᠪᠠᠶᠢᠴᠠᠭᠠᠨ ᠦᠯᠡᠳᠡᠭᠡᠵᠦ ᠠᠪᠤᠭᠰᠠᠨ | ᠪᠥᠭᠡᠳ ᠬᠡᠷᠡᠭ ᠪᠣᠯᠭᠠᠨ ᠳᠡᠩᠰᠡᠯᠡᠵᠦ ᠪᠠᠶᠢᠴᠠᠭᠠᠪᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |