ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠴᠢ ᠹᠧᠢ ᠶᠦᠨ ᠡᠩ ᠤᠨ ᠨᠠᠮ ᠤᠨ ᠭᠡᠰᠢᠭᠦᠨ ᠤ ᠬᠤᠪᠢ ᠪᠠᠷ ᠥᠪᠡᠷ ᠤᠨ ᠪᠠᠶᠢᠭ᠎ᠠ ᠨᠠᠮ ᠤᠨ ᠡᠭᠦᠷ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/3/8
    1 ᠰᠠᠷ᠎ᠠ ᠶᠢᠨ 19 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠧᠢ ᠶᠦᠨ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠨᠢᠭᠡᠳᠦᠭᠡᠷ ᠨᠠᠮ ᠤᠨ ᠡᠭᠦᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠵᠤ᠂ ᠨᠠᠮ ᠤᠨ ᠡᠭᠦᠷ ᠤᠨ ᠨᠠᠮ ᠤᠨ ᠭᠡᠰᠢᠭᠦᠳ ᠲᠠᠢ ᠦᠵᠡᠯ ᠰᠠᠨᠠᠭ᠎ᠠ ᠲᠠᠨᠢᠯᠲᠠ ᠪᠠᠨ ᠠᠭᠤᠵᠢᠷᠠᠲᠠᠯ᠎ᠠ ᠶᠠᠷᠢᠯᠴᠠᠵᠤ᠂ ᠣᠯᠣᠯᠲᠠ ᠲᠥᠷᠥᠭᠳᠡᠯ ᠢᠶᠠᠨ ᠰᠣᠯᠢᠯᠴᠠᠪᠠ᠃     ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠳ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠦᠯᠵᠦ᠂ ᠠᠰᠠᠭᠤᠳᠠᠯ ᠢ ᠪᠠᠶᠢᠴᠠᠭᠠᠨ ᠦᠵᠡᠭᠰᠡᠨ ᠪᠠᠶᠢᠳᠠᠯ ᠢ ᠮᠡᠳᠡᠭᠳᠡᠪᠡ᠃ ᠨᠠᠮ ᠤᠨ ᠡᠭᠦᠷ ᠤᠨ ᠨᠠᠮ ᠤᠨ ᠭᠡᠰᠢᠭᠦᠨ ᠨᠢᠭᠡᠳ ᠨᠢᠭᠡ ᠪᠠᠷ ᠶᠠᠷᠢᠶ᠎ᠠ ᠲᠠᠯᠪᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠪᠡ᠃     ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠴᠢ ᠹᠧᠢ ᠶᠦᠨ᠂ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠪᠣᠯ ᠵᠠᠰᠠᠭ ᠤᠨ ᠣᠷᠳᠣᠨ ᠤ ᠠᠵᠢᠯ ᠤᠨ ᠠᠵᠢᠯᠯᠠᠭᠠᠨ ᠤ ᠲᠥᠪ ᠮᠥᠨ᠂ ᠳᠡᠭᠡᠳᠦ ᠳᠣᠣᠷᠠᠬᠢ ᠶᠢ ᠵᠠᠯᠭᠠᠭᠤᠯᠵᠤ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠵᠤ᠂ ᠵᠠᠰᠠᠭ ᠤᠨ ᠣᠷᠳᠣᠨ ᠤ ᠠᠵᠢᠯ ᠢ ᠪᠠᠲᠤᠯᠠᠬᠤ ᠴᠢᠬᠤᠯᠠ ᠦᠢᠯᠡᠳᠦᠯ ᠢ ᠪᠠᠳᠠᠷᠠᠭᠤᠯᠵᠤ ᠪᠠᠶᠢᠨ᠎ᠠ᠃ ᠲᠡᠷᠡ ᠥᠪᠡᠷ ᠤᠨ ᠰᠤᠷᠤᠯᠴᠠᠯᠭ᠎ᠠ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠰᠤᠷᠤᠯᠴᠠᠯᠭ᠎ᠠ ᠪᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠵᠤ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠭᠦᠨᠵᠡᠭᠡᠶᠢᠷᠡᠭᠦᠯᠬᠦ᠂ ᠳᠣᠲᠣᠭᠰᠢᠯᠠᠭᠤᠯᠬᠤ᠂ ᠬᠤᠪᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠳᠦᠷᠢᠮ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠲᠤᠬᠠᠶᠢᠯᠠᠭᠰᠠᠨ ᠠᠵᠢᠯ ᠳᠠᠭᠠᠨ ᠨᠡᠪᠲᠡᠷᠡᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠱᠠᠭᠠᠷᠳᠠᠯᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠬᠦ ᠶᠢ ᠪᠠᠷᠢᠮᠲᠠᠯᠠᠵᠤ᠂ ᠪᠣᠳᠠᠲᠤ ᠪᠠᠶᠢᠳᠠᠯ ᠢ ᠲᠣᠳᠣᠷᠬᠠᠢ ᠣᠶᠢᠯᠠᠭᠠᠵᠤ᠂ ᠭᠦᠨᠵᠡᠭᠡᠢ ᠰᠡᠳᠬᠢᠵᠦ᠂ ᠰᠢᠨ᠎ᠡ ᠶᠢ ᠡᠭᠦᠳᠬᠦ ᠠᠷᠭ᠎ᠠ ᠪᠠ ᠠᠷᠭᠠᠴᠠᠬᠤ ᠪᠣᠳᠣᠯᠭ᠎ᠠ ᠶᠢ ᠢᠯᠡᠭᠦᠬᠡᠨ ᠭᠠᠷᠭᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ︽ᠶᠣᠰᠣ ᠳᠦᠷᠢᠮ ᠢ ᠡᠷᠬᠢᠮᠯᠡᠬᠦ᠂ ᠰᠠᠬᠢᠯᠭ᠎ᠠ ᠪᠠᠲᠤ ᠶᠢ ᠰᠠᠬᠢᠬᠤ︾ ᠤᠬᠠᠮᠰᠠᠷ ᠢ ᠪᠠᠲᠤ ᠪᠤᠢ ᠪᠣᠯᠭᠠᠵᠤ᠂ ᠥᠪᠡᠷ ᠢ ᠪᠠᠨ ᠪᠣᠯᠪᠠᠰᠤᠷᠠᠭᠤᠯᠬᠤ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ᠬᠦᠯᠢᠴᠡᠩᠭᠦᠢ᠂ ᠤᠶᠠᠨ ᠬᠠᠳᠠᠨ᠂ ᠬᠠᠲᠠᠭᠤ ᠵᠣᠷᠢᠭ ᠢ ᠬᠥᠮᠥᠵᠢᠭᠦᠯᠵᠦ᠂ ᠲᠤᠶᠢᠯ ᠤᠨ ᠬᠠᠷᠢᠭᠤᠴᠠᠯᠭ᠎ᠠ ᠲᠠᠢ᠂ ᠲᠤᠶᠢᠯ ᠤᠨ ᠨᠠᠷᠢᠨ ᠨᠢᠮᠪᠠᠢ ᠣᠪᠣᠷ ᠢᠶᠠᠷ ᠠᠵᠢᠯ ᠨᠢᠭᠡᠪᠦᠷᠢ ᠳᠤ ᠬᠠᠨᠳᠤᠵᠤ᠂ ᠤᠯᠠᠭᠠᠨᠴᠠᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠣᠷᠢᠭᠵᠢᠭᠤᠯᠪᠠ᠃                                                 ᠣᠷᠴᠢᠭᠤᠯᠤᠭᠴᠢ᠄ ᠭᠤᠸ᠎ᠠ                                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2