ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ᠄ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/8
   1 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠤᠯᠠᠭᠠᠨᠴᠠᠪ ᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠪᠥᠬᠦ ᠲᠠᠯ᠎ᠠ ᠪᠠᠷ ᠲᠤᠭᠤᠰᠢᠯᠠᠭᠤᠯᠤᠨ ᠪᠠᠬᠢᠵᠢᠭᠦᠯᠬᠦ ᠶᠢᠨ ᠬᠡᠷᠡᠭᠵᠢᠭᠦᠯᠬᠦ ᠲᠥᠰᠥᠯ︾ ︽ᠤᠯᠠᠭᠠᠨᠴᠠᠪ ᠬᠤᠲᠠ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠬᠦ ᠠᠵᠢᠯᠯᠠᠭ᠎ᠠ ᠶᠢᠨ ᠠᠵᠢᠯ ᠤᠨ ᠲᠥᠰᠥᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠤᠲᠠ ᠶᠢᠨ ︽ᠬᠤᠶᠠᠷ ᠬᠤᠷᠠᠯ︾ ᠤᠨ ᠬᠠᠮᠢᠶ᠎ᠠ ᠪᠦᠬᠦᠢ ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ︽ᠬᠤᠶᠠᠷ ᠬᠤᠷᠠᠯ︾ ᠪᠣᠯ ᠪᠦᠬᠦ ᠬᠤᠳᠠ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠬᠤᠶᠠᠷ ᠲᠣᠮᠣ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠲᠦᠯᠬᠢᠨ ᠠᠬᠢᠭᠤᠯᠬᠤ ᠴᠢᠬᠤᠯᠠ ᠴᠠᠭ ᠦᠶ᠎ᠡ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠲᠤᠶᠢᠯ ᠤᠨ ᠴᠢᠬᠤᠯᠠ ᠬᠤᠷᠠᠯ ᠪᠣᠯᠬᠤ ᠶᠤᠮ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ᠡᠭᠦᠷᠭᠡ ᠶᠢᠨ ᠬᠤᠪᠢᠶᠠᠷᠢᠯᠠᠯ ᠢᠶᠠᠨ ᠲᠣᠳᠣᠷᠬᠠᠢ ᠪᠣᠯᠭᠠᠵᠤ᠂ ᠬᠤᠲᠠ ᠶᠢᠨ ︽ᠬᠤᠶᠠᠷ ᠬᠤᠷᠠᠯ︾ ᠢ ᠦᠨᠡᠨ ᠬᠦ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ᠂ ᠪᠦᠯᠬᠦᠮᠳᠡᠨ ᠲᠡᠮᠡᠴᠡᠬᠦ ᠶᠡᠭᠡ ᠬᠤᠷᠠᠯ ᠪᠣᠯᠭᠠᠨ ᠬᠤᠷᠠᠯᠳᠤᠭᠤᠯᠬᠤ ᠬᠡᠷᠡᠭᠲᠡᠢ᠃ ᠨᠠᠮ ᠤᠨ ᠮᠥᠩᠭᠦᠨ ᠭᠦᠢᠯᠭᠡᠭᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠬᠠᠮᠠᠭᠠᠯᠠᠬᠤ᠂ ᠣᠷᠣᠨ ᠨᠤᠲᠤᠭ ᠤᠨ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠬᠢᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠪᠠᠲᠤ ᠡᠭᠦᠷᠭᠡᠯᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠡᠯ᠎ᠡ ᠵᠦᠢᠯ ᠤᠨ ᠠᠵᠢᠯ ᠤᠨ ᠢᠶᠠᠨ ᠭᠤᠣᠯ ᠰᠢᠵᠢᠮ ᠪᠣᠯᠭᠠᠵᠤ᠂ ᠪᠦᠬᠦ ᠶᠠᠪᠤᠴᠠ ᠡᠯ᠎ᠡ ᠭᠤᠭᠴᠤᠭ᠎ᠠ ᠳᠤ ᠲᠤᠭᠤᠰᠢᠯᠠᠭᠤᠯᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ︽ᠲᠥᠪᠯᠡᠩᠭᠦᠢ ᠬᠦᠴᠦᠨ︾᠂ ᠦᠵᠡᠯ ᠰᠠᠨᠠᠭᠠᠨ ᠤ ︽ᠬᠥᠲᠥᠯᠥᠨ ᠳᠠᠭᠠᠭᠤᠯᠬᠤ ᠬᠦᠴᠦᠨ︾ ᠵᠣᠬᠢᠶᠠᠨ ᠪᠠᠶᠢᠭᠤᠯᠤᠯᠲᠠ ᠶᠢᠨ ︽ᠤᠷᠢᠶᠠᠯᠠᠬᠤ ᠬᠦᠴᠦᠨ︾ ᠢ ᠪᠦᠬᠦ ᠲᠠᠯ᠎ᠠ ᠪᠠᠷ ᠴᠢᠩᠭᠠᠳᠬᠠᠵᠤ᠂ ᠪᠦᠬᠦ ᠲᠠᠯ᠎ᠠ ᠪᠠᠷ ᠠᠳᠬᠤᠬᠤ᠂ ᠪᠣᠰᠤᠭ᠎ᠠ ᠴᠣᠭᠴᠠ ᠪᠠᠷ ᠠᠳᠬᠤᠬᠤ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ᠃ ᠨᠡᠶᠢᠭᠡᠮ ᠲᠣᠭᠤᠷᠢᠭ ᠤᠨ ᠵᠠᠰᠠᠯᠲᠠ ᠶᠢᠨ ᠴᠢᠨᠠᠷ ᠴᠢᠨᠰᠠᠭ᠎ᠠ ᠦᠷ᠎ᠡ ᠠᠰᠢᠭ ᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠠᠵᠤ ᠠᠬᠤᠢ ᠶᠢᠨ ᠬᠥᠭᠵᠢᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠢ ᠣᠷᠭᠠᠨᠢᠭ ᠢᠶᠠᠷ ᠤᠶᠠᠯᠳᠤᠭᠤᠯᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃                                                                                  ᠣᠷᠴᠢᠭᠤᠯᠤᠭᠴᠢ᠄ ᠭᠤᠸ᠎ᠠ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2