| | ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠬᠤᠨᠠᠨ ᠳᠤ ᠰᠢᠨᠵᠢᠯᠡᠨ | ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠂ ᠬᠤᠨᠠᠨ ᠤ ᠬᠢᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ | ᠳᠤᠮᠳᠠᠬᠢ ᠲᠤᠰ ᠪᠡᠶ᠎ᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠᠨ ᠪᠠᠲᠤ ᠡᠵᠡᠮᠳᠡᠵᠦ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠴᠢᠨᠠᠷ | ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ | ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠤᠯᠤᠰ ᠤᠨ ᠴᠢᠬᠤᠯᠠ ᠲᠡᠷᠢᠭᠦᠨ ᠤ ᠦᠢᠯᠡᠳᠬᠦ | ᠦᠢᠯᠡᠰ ᠤᠨ ᠥᠨᠳᠦᠷᠯᠢᠭ᠂ ᠭᠤᠣᠯᠯᠠᠬᠤ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ᠂ ᠳᠣᠲᠣᠭᠠᠳᠤ ᠬᠠᠭᠤᠷᠠᠢ ᠶᠢᠨ ᠭᠠᠵᠠᠷ ᠣᠷᠣᠨ ᠤ ᠥᠭᠡᠷᠡᠴᠢᠯᠡᠯᠲᠡ | ᠨᠡᠭᠡᠭᠡᠯᠲᠡ ᠶᠢᠨ ᠥᠨᠳᠦᠷᠯᠢᠭ ᠢ ᠴᠣᠭᠴᠠᠯᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠳᠤᠮᠳᠠ ᠣᠷᠣᠨ ᠤ ᠭᠠᠵᠠᠷ | ᠣᠷᠣᠨ ᠤ ᠬᠥᠭᠵᠢᠯ ᠮᠠᠨᠳᠤᠯ ᠪᠠ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ ᠠᠬᠢᠭᠤᠯᠬᠤ | ᠳᠤᠮᠳᠠ ᠭᠠᠪᠰᠢᠭᠠᠶᠢᠯᠠᠨ ᠲᠡᠮᠡᠴᠡᠵᠦ ᠲᠡᠷᠢᠭᠦᠨ ᠤ ᠬᠢ ᠪᠤᠯᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠬᠤᠨᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | | | 3 ᠰᠠᠷ᠎ᠠ ᠶᠢᠨ 18 ᠠᠴᠠ 21 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠬᠤᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 18 ᠤ ᠦᠳᠡ ᠶᠢᠨ ᠬᠤᠶᠢᠨ᠎ᠠ᠂ ᠰᠢ ᠶᠢᠨ ᠫᠢᠩ ᠳᠤᠮᠳᠠᠳᠤ | ᠭᠧᠷᠮᠠᠨ ᠤ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠪᠤᠯᠬᠤ ᠪᠠᠰᠹ ᠱᠠᠨ ᠱᠠᠨ ᠳ᠋ᠢᠶᠠᠨ ᡂᠢ ᠶᠢᠨ ᠮᠠᠲ᠋ᠧᠷᠢᠶᠠᠯ ᠤᠨ | ᠬᠢᠵᠠᠭᠠᠷᠲᠤ ᠺᠤᠮᠫᠠᠨᠢ ᠳᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | | | 3 ᠰᠠᠷ᠎ᠠ ᠶᠢᠨ 18 ᠠᠴᠠ 21 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠬᠤᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ ᠰᠢ ᠶᠢᠨ ᠫᠢᠩ ᠴᠠᠩᠳᠧ | ᠬᠤᠳᠠ ᠶᠢᠨ ᠳ᠋ᠢᠩᠴᠧᠩ ᠲᠣᠭᠤᠷᠢᠭ ᠤᠨ ᠰᠢᠶᠧ ᠵᠢᠶᠠ ᠫᠦ᠋ ᠪᠠᠯᠭᠠᠰᠤ ᠶᠢᠨ ᠭᠠᠩ ᠵᠦᠩ ᠫᠢᠩ ᠲᠣᠰᠬᠤᠨ ᠳᠤ ᠠᠮᠤ | ᠪᠤᠳᠠᠭ᠎ᠠ ᠲᠠᠷᠢᠬᠤ ᠲᠣᠮᠣ ᠡᠷᠦᠭᠡ᠂ ᠲᠠᠷᠢᠶᠠᠯᠠᠩ ᠤᠨ ᠮᠡᠷᠭᠡᠵᠢᠯᠲᠡᠨ᠂ ᠦᠨᠳᠦᠰᠦᠨ ᠱᠠᠲᠤᠨ ᠤ ᠺᠠᠳ᠋ᠷ ᠲᠠᠢ | ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | 3 ᠰᠠᠷ᠎ᠠ ᠶᠢᠨ 18 ᠠᠴᠠ 21 ᠤ ᠡᠳᠦᠷ ᠪᠤᠯᠲᠠᠯ᠎ᠠ᠂ ᠰᠢ ᠶᠢᠨ ᠫᠢᠩ ᠬᠤᠨᠠᠨ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠱᠧᠨ ᠰᠢᠶᠣᠣ ᠮᠢᠩ ᠪᠣᠯᠣᠨ ᠮᠤᠵᠢ ᠶᠢᠨ ᠳᠠᠷᠤᠭ᠎ᠠ ᠮᠣᠣ ᠸᠧᠢ ᠮᠢᠩ ᠤᠨ ᠪᠠᠷ᠎ᠠ | ᠪᠤᠯᠣᠯᠭ᠎ᠠ ᠪᠠᠷ ᠤᠷᠢᠳ ᠬᠤᠵᠢᠳ ᠴᠠᠩᠱᠠ᠂ ᠴᠠᠩᠳᠧ ᠵᠡᠷᠭᠡ ᠭᠠᠵᠠᠷ ᠲᠤ ᠬᠦᠷᠴᠦ᠂ ᠰᠤᠷᠭᠠᠭᠤᠯᠢ᠂ ᠠᠵᠤ | ᠠᠬᠤᠶᠢᠯᠠᠯ᠂ ᠲᠡᠦᠬᠡ ᠰᠣᠶᠣᠯ ᠤᠨ ᠵᠡᠭᠡᠯᠢ ᠲᠣᠭᠤᠷᠢᠭ᠂ ᠬᠥᠳᠡᠭᠡ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠨ | ᠪᠠᠶᠢᠴᠠᠭᠠᠨ ᠰᠤᠳᠤᠯᠤᠯᠲᠠ ᠬᠢᠪᠡ᠃ | 18 ᠤ ᠦᠳᠡ ᠶᠢᠨ ᠬᠤᠶᠢᠨ᠎ᠠ᠂ ᠰᠢ ᠶᠢᠨ ᠫᠢᠩ ᠬᠤᠨᠠᠨ ᠤ ᠨᠢᠭᠡᠳᠦᠭᠡᠷ ᠪᠠᠭᠰᠢ ᠶᠢᠨ ᠳᠡᠭᠡᠳᠦ ᠰᠤᠷᠭᠠᠭᠤᠯᠢ | ︵ᠴᠧᠩ ᠨᠠᠨ ᠪᠢᠴᠢᠭ ᠤᠨ ᠬᠦᠷᠢᠶᠡᠯᠡᠩ ᠰᠤᠷᠭᠠᠭᠤᠯᠢ ᠶᠢᠨ ᠲᠣᠭᠤᠷᠢᠭ︶ ᠳᠤ ᠬᠦᠷᠴᠦ ᠰᠢᠨᠵᠢᠯᠡᠨ ᠪᠠᠶᠢᠴᠠᠭᠠᠪᠠ᠃ | ᠲᠤᠰ ᠰᠤᠷᠭᠠᠭᠤᠯᠢ ᠰᠦᠩ ᠤᠯᠤᠰ ᠤᠨ ᠦᠶ᠎ᠡ ᠳᠤ ᠪᠠᠶᠢᠭᠤᠯᠤᠭᠰᠠᠨ ᠴᠧᠩ ᠨᠠᠨ ᠪᠢᠴᠢᠭ ᠤᠨ ᠬᠦᠷᠢᠶᠡᠯᠡᠩ ᠪᠠᠶᠢᠵᠤ᠂ | ᠣᠶᠢᠷ᠎ᠠ ᠦᠶ᠎ᠡ ᠠᠴᠠ ᠨᠠᠭᠠᠰᠢ ᠨᠢᠭᠡ ᠪᠦᠯᠦᠭ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢ | ᠪᠠ ᠨᠡᠷᠡᠳᠤ ᠪᠠᠭᠰᠢ ᠮᠡᠷᠭᠡᠵᠢᠯᠲᠡᠨ ᠢ ᠬᠥᠮᠥᠵᠢᠭᠦᠯᠵᠡᠢ᠃ ᠰᠢ ᠶᠢᠨ ᠫᠢᠩ ᠵᠠᠯᠠᠭᠤ ᠨᠠᠰᠤᠨ ᠤ ᠮᠠᠤ ᠽᠧ ᠳ᠋ᠦᠩ ᠭᠤᠣᠯ | ᠰᠡᠳᠦᠪᠲᠦ ᠥᠵᠡᠰᠭᠦᠯᠡᠩ ᠢ ᠲᠣᠭᠤᠷᠢᠨ ᠦᠵᠡᠵᠦ᠂ ᠳᠡᠭᠡᠳᠦ ᠰᠤᠷᠭᠠᠭᠤᠯᠢ ᠶᠢᠨ ᠬᠥᠭᠵᠢᠯᠲᠡ ᠶᠢᠨ ᠤᠯᠠᠷᠢᠯ | ᠬᠤᠪᠢᠰᠤᠯ ᠪᠣᠯᠣᠨ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ ᠪᠠᠶᠢᠬᠤ ᠵᠡᠷᠭᠡ ᠪᠠᠶᠢᠳᠠᠯ ᠢ ᠣᠶᠢᠯᠠᠭᠠᠪᠠ᠃ | ᠳᠡᠭᠡᠳᠦ ᠰᠤᠷᠭᠠᠭᠤᠯᠢ ᠶᠢᠨ ᠶᠡᠭᠡ ᠲᠢᠩᠬᠢᠮ ᠳᠤ᠂ ᠰᠢ ᠶᠢᠨ ᠫᠢᠩ ᠪᠠᠭᠰᠢ ᠰᠤᠷᠤᠬᠴᠢᠳ ᠤᠨ ᠲᠥᠯᠥᠭᠡᠯᠡᠭᠴᠢᠳ ᠲᠠᠢ | ᠳᠣᠲᠣᠨᠣ ᠪᠠᠷ ᠶᠠᠷᠢᠯᠴᠠᠪᠠ᠃ ᠲᠡᠷᠡ᠂ ᠤᠯᠤᠰ ᠣᠷᠣᠨ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠰᠤᠷᠭᠠᠨ | ᠬᠥᠮᠦᠵᠢᠯ ᠢ ᠰᠠᠶᠢᠲᠤᠷ ᠡᠷᠭᠢᠯᠡᠭᠦ ᠬᠡᠷᠡᠭᠲᠡᠢ᠃ ᠬᠤᠨᠠᠨ ᠤ ᠨᠢᠭᠡᠳᠦᠭᠡᠷ ᠪᠠᠭᠰᠢ ᠶᠢᠨ ᠳᠡᠭᠡᠳᠦ ᠰᠤᠷᠭᠠᠭᠤᠯᠢ ᠪᠣᠯ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠥᠷᠨᠢᠭᠦᠯᠬᠦ᠂ ᠬᠤᠪᠢᠰᠬᠠᠯ ᠤᠨ ᠤᠳᠤᠮᠰᠢᠯ ᠢ ᠤᠯᠠᠮᠵᠢᠯᠠᠬᠤ | ᠰᠠᠶᠢᠨ ᠭᠠᠵᠠᠷ ᠮᠥᠨ᠂ ᠡᠨᠡ ᠬᠦ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ ᠬᠡᠷᠡᠭᠯᠡᠬᠦ ᠬᠡᠷᠡᠭᠲᠡᠢ᠃ | ᠰᠤᠷᠭᠠᠭᠤᠯᠢ ᠶᠢᠨ ᠬᠢᠨ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠵᠦ᠂ ᠪᠠᠭᠰᠢ ᠨᠠᠷ ᠰᠢᠯᠢᠳᠡᠭ ᠰᠠᠶᠢᠨ | ᠪᠠᠭᠰᠢ ᠪᠤᠯᠬᠤ ᠳᠤ᠂ ᠰᠤᠷᠤᠬᠴᠢᠳ ᠤᠨ ᠮᠡᠳᠡᠯᠭᠡ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠶᠢ | ᠴᠢᠬᠤᠯᠠᠴᠢᠯᠠᠬᠤ ᠪᠠᠷ ᠪᠠᠷᠠᠬᠤ ᠦᠭᠡᠢ ᠨᠡᠩ ᠴᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠰᠠᠶᠢᠲᠤᠷ | ᠣᠷᠣᠵᠤ᠂ ᠰᠤᠷᠤᠬᠴᠢᠳ ᠤᠨ ᠡᠷᠬᠢᠮ ᠮᠣᠷᠠᠯ ᠲᠠᠢ ᠪᠣᠯᠵᠤ ᠢᠴᠢᠭᠦᠷᠢ ᠭᠤᠲᠤᠮᠰᠢᠭ ᠢ ᠮᠡᠳᠡᠵᠦ᠂ ᠨᠡᠶᠢᠭᠡᠮ | ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠲᠤ ᠪᠤᠢ ᠪᠤᠯᠭᠠᠵᠤ᠂ ᠡᠬᠡ ᠤᠯᠤᠰ ᠤᠨ ᠢᠶᠠᠨ ᠲᠥᠯᠥᠭᠡ | ᠵᠢᠳᠬᠦᠵᠦ ᠤᠯᠤᠰ ᠢᠶᠠᠨ ᠬᠦᠴᠦᠷᠬᠡᠭᠵᠢᠭᠦᠯᠬᠦ ᠶᠡᠭᠡ ᠬᠦᠰᠡᠯ ᠵᠣᠷᠢᠯᠲᠠ ᠶᠢ ᠪᠤᠢ ᠪᠤᠯᠭᠠᠵᠤ᠂ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ | ᠡᠭᠦᠷᠭᠡᠯᠡᠵᠦ ᠳᠡᠶᠢᠯᠭᠦ ᠲᠤᠯᠭᠠᠭᠤᠷᠢ ᠬᠦᠴᠦᠨ ᠪᠤᠯᠬᠤ ᠪᠠᠷ ᠴᠢᠷᠮᠠᠶᠢᠬᠤ ᠶᠢ ᠬᠥᠮᠥᠵᠢᠭᠦᠯᠵᠦ ᠬᠥᠲᠥᠯᠥᠨ ᠵᠢᠯᠤᠭᠤᠳᠬᠤ | ᠬᠡᠷᠡᠭᠲᠡᠢ ᠭᠡᠵᠡᠢ᠃ | ᠲᠠᠷᠠᠭ᠎ᠠ ᠨᠢ᠂ ᠰᠢ ᠶᠢᠨ ᠫᠢᠩ ᠪᠠᠰᠹ ᠱᠠᠨ ᠱᠠᠨ ᠳ᠋ᠢᠶᠠᠨ ᡂᠢ ᠶᠢᠨ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠳᠤ | ᠬᠦᠷᠴᠦ ᠰᠢᠨᠵᠢᠯᠡᠨ ᠪᠠᠶᠢᠴᠠᠭᠠᠪᠠ᠃ ᠡᠨᠡ ᠪᠣᠯ ᠯᠢᠲ᠋ᠢ ᠢᠶᠤᠨ ᠳ᠋ᠢᠶᠠᠨ ᡂᠢ ᠶᠢᠨ ᠡᠶᠡᠷᠭᠦ ᠲᠦᠢᠯ ᠤᠨ ᠮᠠᠲ᠋ᠧᠷᠢᠶᠠᠯ ᠢ | ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠶᠢ ᠭᠤᠣᠯᠯᠠᠨ ᠡᠵᠡᠩᠨᠡᠵᠦ ᠪᠠᠶᠢᠭ᠎ᠠ ᠳᠤᠮᠳᠠᠳᠤ ᠭᠧᠷᠮᠠᠨ ᠤ | ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠪᠣᠯᠣᠨ᠎ᠠ᠃ ᠰᠢ ᠶᠢᠨ ᠫᠢᠩ ᠲᠤᠬᠠᠢ ᠶᠢᠨ ᠭᠠᠵᠠᠷ ᠤᠨ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠥᠷᠭᠡᠳᠬᠡᠭᠰᠡᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠠᠵᠤ ᠠᠬᠤᠶᠢᠯᠠᠯ ᠤᠨ | ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ ᠮᠠᠲ᠋ᠧᠷᠢᠶᠠᠯ ᠤᠨ ᠴᠢᠳᠠᠪᠬᠢ ᠶᠢᠨ ᠰᠢᠯᠭᠠᠯᠲᠠ ᠶᠢᠨ ᠪᠠᠶᠢᠳᠠᠯ | ᠪᠣᠯᠣᠨ ᠳ᠋ᠢᠶᠠᠨ ᡂᠢ ᠶᠢᠨ ᠦᠢᠯᠡᠳᠪᠦᠷᠢᠯᠡᠯ ᠤᠨ ᠶᠠᠪᠤᠴᠠ ᠶᠢ ᠣᠶᠢᠯᠠᠭᠠᠪᠠ᠃ ᠲᠡᠷᠡ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ᠂ ᠴᠢᠨᠠᠷ ᠰᠠᠶᠢᠲᠠᠢ ᠬᠥᠭᠵᠢᠯᠲᠡ ᠪᠣᠯ ᠠᠵᠤ ᠠᠬᠤᠶᠢᠯᠠᠯ ᠤᠨ ᠲᠠᠰᠤᠷᠠᠯᠲᠠ ᠦᠭᠡᠢ | ᠦᠰᠦᠨ ᠪᠤᠵᠠᠭᠠᠶᠢᠷᠠᠵᠤ᠂ ᠢᠯᠠᠭᠳᠠᠰᠢ ᠦᠭᠡᠢ ᠪᠠᠶᠢᠷᠢᠨ ᠳᠤ ᠪᠠᠶᠢᠬᠤ ᠶᠢᠨ ᠵᠠᠩᠭᠢᠯᠠᠭ᠎ᠠ ᠪᠣᠯᠣᠨ᠎ᠠ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ᠂ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠡᠨᠡ ᠲᠠᠯ᠎ᠠ ᠪᠠᠷ ᠴᠥᠮ ᠶᠡᠭᠡ | ᠵᠢᠳᠬᠦᠯ ᠴᠢᠷᠮᠠᠶᠢᠯᠭ᠎ᠠ ᠭᠠᠷᠭᠠᠵᠤ ᠪᠣᠯᠣᠨ᠎ᠠ᠃ ᠳᠤᠮᠳᠠᠳᠤ ᠤᠯᠤᠰ ᠨᠡᠭᠡᠭᠡᠯᠲᠡ ᠬᠢᠬᠦ ᠡᠭᠦᠳᠡ ᠪᠠᠨ ᠶᠠᠪᠤᠬᠤ ᠳᠤᠳᠤᠮ | ᠶᠡᠭᠡ ᠨᠡᠭᠡᠭᠡᠨ᠎ᠡ᠂ ᠪᠢᠳᠡ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠪᠠᠨ | ᠴᠢᠩᠭᠠᠳᠬᠠᠨ᠎ᠠ᠂ ᠨᠡᠩ ᠤᠯᠠᠨ ᠭᠠᠳᠠᠭᠠᠳᠤ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ | ᠣᠷᠣᠭᠤᠯᠤᠨ ᠬᠥᠭᠵᠢᠬᠦ ᠶᠢ ᠪᠠᠶᠠᠷᠯᠠᠨ ᠤᠭᠲᠤᠨ᠎ᠠ ᠭᠡᠵᠦ ᠴᠢᠬᠤᠯᠠᠴᠢᠯᠠᠪᠠ᠃ | 19 ᠤ ᠡᠳᠦᠷ᠂ ᠰᠢ ᠶᠢᠨ ᠫᠢᠩ ᠴᠠᠩᠳᠧ ᠬᠤᠳᠠ ᠳᠤ ᠰᠢᠨᠵᠢᠯᠡᠨ ᠪᠠᠶᠢᠴᠠᠭᠠᠪᠠ᠃ ᠶᠤᠸᠠᠨᠵᠢᠶᠠᠩ ᠮᠥᠷᠡᠨ ᠤ | ᠬᠥᠪᠡᠭᠡᠨ ᠳᠤ ᠪᠠᠶᠢᠷᠢᠯᠠᠭᠰᠠᠨ ᠴᠠᠩ ᠳ᠋ᠧ ᠭᠤᠣᠯ ᠤᠨ ᠵᠡᠭᠡᠯᠢ ᠨᠢ ᠥᠨᠢ ᠤᠳᠠᠭᠠᠨ ᠲᠡᠦᠬᠡ ᠲᠠᠢ ᠪᠠᠶᠢᠵᠤ᠂ 1943 | ᠣᠨ ᠤ ᠴᠠᠩᠳᠧ ᠶᠢᠨ ᠳᠠᠶᠢᠯᠠᠯᠳᠤᠭᠠᠨ ᠳᠤ ᠡᠪᠳᠡᠭᠳᠡᠵᠦ ᠥᠩᠭᠡᠷᠡᠵᠡᠢ᠃ ᠣᠶᠢᠷ᠎ᠠ ᠶᠢᠨ ᠵᠢᠯ ᠠᠴᠠ᠂ ᠴᠠᠩᠳᠧ ᠬᠤᠳᠠ | ᠬᠠᠭᠤᠴᠢᠨ ᠵᠡᠭᠡᠯᠢ ᠶᠢᠨ ᠳᠦᠷᠰᠦ ᠪᠠᠶᠢᠳᠠᠯ ᠢ ᠰᠡᠷᠭᠦᠭᠡᠵᠦ᠂ ᠲᠤᠰ ᠭᠠᠵᠠᠷ ᠢ ᠲᠡᠦᠬᠡ ᠰᠣᠶᠣᠯ ᠤᠨ ᠵᠡᠭᠡᠯᠢ ᠲᠣᠭᠤᠷᠢᠭ | ᠪᠣᠯᠭᠠᠨ ᠴᠣᠭᠴᠠᠯᠠᠪᠠ᠃ ᠲᠤᠰ ᠡᠳᠦᠷ ᠤᠨ ᠦᠳᠡ ᠶᠢᠨ ᠡᠮᠦᠨ᠎ᠡ᠂ ᠰᠢ ᠶᠢᠨ ᠫᠢᠩ ᠴᠠᠩ ᠳ᠋ᠧ ᠭᠤᠣᠯ ᠤᠨ | ᠵᠡᠭᠡᠯᠢ ᠳᠤ ᠬᠦᠷᠴᠦ᠂ ᠡᠯ᠎ᠡ ᠵᠦᠢᠯ ᠤᠨ ᠣᠨᠴᠠᠯᠢᠭᠲᠤ ᠢᠳᠡᠭᠡᠨ᠂ ᠣᠨᠴᠠ ᠭᠠᠷᠤᠯᠲᠠ᠂ ᠣᠨᠴᠠᠯᠢᠭᠲᠤ ᠭᠠᠷ | ᠤᠷᠠᠯᠠᠯ ᠤᠨ ᠪᠦᠲᠦᠭᠡᠭᠳᠡᠬᠦᠨ ᠢ ᠪᠠᠶᠢᠴᠠᠭᠠᠨ ᠦᠵᠡᠵᠦ᠂ ᠳᠡᠯᠭᠡᠭᠦᠷ ᠤᠨ ᠡᠵᠡᠨ ᠪᠣᠯᠣᠨ ᠵᠢᠭᠤᠯᠴᠢᠯᠠᠬᠰᠡᠳ ᠲᠠᠢ | ᠳᠣᠲᠣᠨᠣ ᠪᠠᠷ ᠶᠠᠷᠢᠯᠴᠠᠭᠰᠠᠨ ᠪᠥᠭᠡᠳ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ | ᠦᠵᠡᠭᠦᠯᠭᠡ ᠶᠢ ᠰᠣᠨᠢᠷᠬᠠᠵᠤ᠂ ᠴᠠᠩᠳᠧ ᠶᠢᠨ ᠬᠠᠭᠤᠴᠢᠨ ᠬᠤᠳᠠ ᠶᠢᠨ ᠵᠡᠭᠡᠯᠢ ᠭᠤᠳᠤᠮᠵᠢ ᠶᠢᠨ ᠰᠡᠷᠭᠦᠭᠡᠨ ᠵᠠᠰᠠᠯᠲᠠ | ᠪᠠ ᠠᠰᠢᠭᠯᠠᠯᠲᠠ᠂ ᠬᠤᠳᠠ ᠶᠢᠨ ᠲᠥᠯᠦᠪᠵᠢᠭᠦᠯᠭᠡ᠂ ᠤᠰᠤᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ | ᠵᠠᠰᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠢ ᠶᠢᠨ ᠫᠢᠩ᠂ ᠤᠯᠠᠨ ᠶᠠᠩᠵᠤ ᠶᠢᠨ ᠣᠷᠣᠨ ᠨᠤᠲᠤᠭ ᠤᠨ | ᠣᠨᠴᠠᠯᠢᠭᠲᠤ ᠤᠯᠠᠮᠵᠢᠯᠠᠯᠲᠤ ᠰᠣᠶᠣᠯ ᠨᠢ ᠭᠡᠷᠡᠯ ᠰᠠᠴᠤᠷᠠᠩᠭᠤᠢ ᠳᠤᠮᠳᠠᠳᠤ ᠶᠢᠨ ᠪᠣᠯᠪᠠᠰᠤᠨ ᠢ ᠬᠠᠮᠲᠤ ᠪᠠᠷ | ᠪᠦᠷᠢᠯᠳᠦᠭᠦᠯᠦᠭᠰᠡᠨ ᠪᠥᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢ ᠴᠦ ᠠᠬᠢᠭᠤᠯᠪᠠ᠃ ᠴᠠᠩᠳᠧ ᠪᠣᠯ | ᠰᠣᠶᠣᠯ ᠤᠨ ᠤᠯᠠᠮᠵᠢᠯᠠᠯ ᠵᠠᠯᠭᠠᠮᠵᠢᠯᠠᠯ ᠲᠠᠢ ᠭᠠᠵᠠᠷ ᠪᠣᠯᠣᠨ᠎ᠠ᠂ ᠠᠳᠡᠬᠢ ᠴᠤᠭᠤᠷ ᠵᠦᠴᠦᠭᠡ᠂ ᠥᠨᠳᠥᠷ ᠠᠶᠠᠯᠭᠤᠲᠤ | ᠵᠦᠴᠦᠭᠡ᠂ ᠪᠦᠷᠢᠶ᠎ᠡ ᠵᠡᠷᠭᠡ ᠶᠢ ᠵᠣᠬᠢᠰᠲᠠᠢ ᠠᠴᠢᠶᠠᠯᠠᠪᠤᠷᠢ ᠪᠠᠷ ᠰᠠᠶᠢᠲᠤᠷ ᠤᠯᠠᠮᠵᠢᠯᠠᠨ ᠠᠰᠢᠭᠯᠠᠵᠤ᠂ ᠴᠠᠭ | ᠦᠶ᠎ᠡ ᠲᠠᠢ ᠵᠡᠷᠭᠡᠪᠡᠷ ᠤᠷᠤᠭᠰᠢᠯᠠᠨ ᠰᠠᠶᠢᠲᠤᠷ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠨᠠᠨ ᠪᠣᠯ ᠪᠦᠭᠦ ᠤᠯᠤᠰ ᠤᠨ 13 ᠠᠮᠤ ᠪᠤᠳᠠᠭᠠᠨ ᠤ ᠭᠤᠣᠯ ᠭᠠᠷᠤᠯᠲᠠ ᠶᠢᠨ ᠮᠤᠵᠢ ᠶᠢᠨ ᠨᠢᠭᠡ ᠪᠠᠶᠢᠵᠤ᠂ | ᠤᠰᠤᠨ ᠲᠤᠲᠤᠷᠭ᠎ᠠ ᠲᠠᠷᠢᠬᠤ ᠲᠠᠯᠠᠪᠠᠢ᠂ ᠶᠡᠷᠦᠩᠬᠡᠢ ᠤᠨᠠᠯᠲᠠ ᠨᠢ ᠴᠥᠮ ᠪᠦᠭᠦ ᠤᠯᠤᠰ ᠤᠨ ᠲᠡᠷᠢᠭᠦᠨ ᠳᠤ ᠣᠷᠣᠨ᠎ᠠ᠃ | ᠲᠤᠰ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠴᠠᠩᠳᠧ ᠬᠤᠳᠠ ᠶᠢᠨ ᠳ᠋ᠢᠩᠴᠧᠩ ᠲᠣᠭᠤᠷᠢᠭ ᠤᠨ | ᠰᠢᠶᠧ ᠵᠢᠶᠠ ᠫᠦ᠋ ᠪᠠᠯᠭᠠᠰᠤ ᠶᠢᠨ ᠭᠠᠩ ᠵᠦᠩ ᠫᠢᠩ ᠲᠣᠰᠬᠤᠨ ᠳᠤ ᠬᠦᠷᠴᠦ᠂ ᠲᠤᠬᠠᠢ ᠶᠢᠨ ᠭᠠᠵᠠᠷ ᠤᠨ ᠠᠮᠤ | ᠪᠤᠳᠠᠭᠠᠨ ᠤ ᠦᠢᠯᠡᠳᠪᠦᠷᠢᠯᠡᠯ ᠤᠨ ᠲᠦᠮᠡᠨ ᠮᠦ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠭᠦ ᠲᠣᠭᠤᠷᠢᠭ ᠲᠤ ᠬᠦᠷᠴᠦ᠂ | ᠴᠢᠬᠢ ᠪᠤᠶᠢᠵᠢᠭᠤᠯᠬᠤ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠠᠬᠢᠴᠠ ᠶᠢ ᠪᠠᠶᠢᠴᠠᠭᠠᠨ ᠦᠵᠡᠵᠦ᠂ | ᠲᠠᠷᠢᠶᠠᠯᠠᠩ ᠤᠨ ᠣᠳᠣᠬᠢᠴᠢᠯᠠᠯᠲᠠ ᠶᠢ ᠴᠢᠨᠠᠷ ᠰᠠᠶᠢᠲᠠᠢ ᠠᠬᠢᠭᠤᠯᠵᠤ ᠪᠠᠶᠢᠭ᠎ᠠ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠤᠭᠰᠠᠨ ᠪᠥᠭᠡᠳ ᠠᠮᠤ ᠪᠤᠳᠠᠭ᠎ᠠ ᠲᠠᠷᠢᠬᠤ ᠲᠣᠮᠣ ᠡᠷᠦᠭᠡ᠂ ᠲᠠᠷᠢᠶᠠᠯᠠᠩ ᠤᠨ ᠮᠡᠷᠭᠡᠵᠢᠯᠲᠡᠨ᠂ ᠦᠨᠳᠦᠰᠦᠨ | ᠱᠠᠲᠤᠨ ᠤ ᠺᠠᠳ᠋ᠷ ᠲᠠᠢ ᠨᠢᠭᠡᠳ ᠨᠢᠭᠡ ᠪᠠᠷ ᠣᠷᠣᠭᠤᠯᠤᠯᠲᠠ ᠭᠠᠷᠭᠠᠯᠲᠠ ᠶᠢᠨ ᠲᠠᠩᠰᠠ ᠶᠢ ᠪᠤᠳᠤᠵᠠᠢ᠃ ᠰᠢ ᠶᠢᠨ ᠫᠢᠩ᠂ | ᠮᠠᠨ ᠤ ᠤᠯᠤᠰ 14 ᠳ᠋ᠦᠩᠰᠢᠭᠤᠷ ᠭᠠᠷᠤᠢ ᠬᠥᠮᠥᠨ ᠠᠮᠠ ᠲᠠᠢ᠂ ᠠᠮᠤ ᠪᠤᠳᠠᠭᠠᠨ ᠤ ᠠᠮᠤᠷ ᠲᠦᠪᠰᠢᠨ ᠢ ᠡᠷᠬᠡᠪᠰᠢ | ᠥᠪᠡᠷ ᠤᠨ ᠪᠡᠶ᠎ᠡ ᠳᠡᠭᠡᠨ ᠲᠦᠰᠢᠭᠯᠡᠵᠦ ᠪᠠᠲᠤᠯᠠᠬᠤ ᠬᠡᠷᠡᠭᠲᠡᠢ᠂ ᠳᠤᠮᠳᠠᠳᠤᠴᠤᠳ ᠤᠨ ᠪᠤᠳᠠᠭᠠᠨ ᠠᠶᠠᠭ᠎ᠠ ᠳᠤ | ᠭᠤᠣᠯᠳᠠᠭᠤ ᠳᠤᠮᠳᠠᠳᠤ ᠤᠯᠤᠰ ᠤᠨ ᠠᠮᠤ ᠪᠤᠳᠠᠭ᠎ᠠ ᠶᠢ ᠠᠶᠠᠭᠠᠯᠠᠪᠠᠯ ᠵᠣᠬᠢᠨ᠎ᠠ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠰᠠᠶᠢᠲᠤᠷ ᠪᠦᠲᠦᠭᠡᠨ ᠪᠠᠶᠢᠭᠤᠯᠵᠤ᠂ ᠵᠣᠬᠢᠰᠲᠠᠢ ᠭᠡᠪᠴᠢᠶᠡᠵᠢᠯᠳᠤ ᠡᠵᠡᠩᠨᠡᠯᠲᠡ ᠶᠢ ᠬᠡᠷᠡᠭᠵᠢᠭᠦᠯᠵᠦ᠂ | ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ | ᠰᠠᠶᠢᠨ ᠦᠷ᠎ᠡ᠂ ᠰᠠᠶᠢᠨ ᠠᠵᠠ ᠲᠣᠭᠢᠶᠠᠯ᠂ ᠰᠠᠶᠢᠨ ᠠᠷᠭ᠎ᠠ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ | ᠨᠠᠷᠢᠯᠢᠭ ᠲᠠᠷᠢᠵᠤ ᠨᠢᠮᠪᠠᠢ ᠠᠷᠠᠴᠢᠯᠠᠬᠤ ᠳᠡᠭᠡᠷ᠎ᠡ ᠬᠦᠴᠦ ᠲᠠᠯᠪᠢᠵᠤ᠂ ᠠᠮᠤ ᠪᠤᠳᠠᠭᠠᠨ ᠤ ᠲᠠᠯᠠᠪᠠᠢ ᠨᠢᠭᠡᠴᠢ ᠶᠢᠨ | ᠤᠨᠠᠯᠲᠠ ᠪᠠ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠠᠮᠤ ᠪᠤᠳᠠᠭ᠎ᠠ ᠲᠠᠷᠢᠭᠠᠳ ᠴᠦ ᠪᠠᠶᠠᠵᠢᠵᠤ ᠳᠡᠶᠢᠯᠭᠦ | ᠪᠤᠯᠭᠠᠵᠤ᠂ ᠡᠭᠦᠨ ᠤ ᠤᠯᠠᠮ ᠢᠶᠠᠷ ᠨᠡᠩ ᠤᠯᠠᠨ ᠲᠠᠷᠢᠶᠠᠴᠢᠨ ᠡᠷᠦᠭᠡ ᠶᠢ ᠲᠠᠲᠠᠵᠤ ᠣᠳᠣᠬᠢᠴᠢᠯᠠᠭᠰᠠᠨ ᠬᠠᠮ | ᠬᠥᠳᠡᠭᠡ ᠠᠵᠤ ᠠᠬᠤᠢ ᠶᠢ ᠬᠥᠭᠵᠢᠭᠦᠯᠬᠦ ᠳᠤ ᠣᠷᠣᠯᠴᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠬᠥᠳᠡᠭᠡ | ᠠᠵᠤ ᠠᠬᠤᠢ ᠶᠢᠨ ᠣᠳᠣᠬᠢᠴᠢᠯᠠᠯᠲᠠ ᠶᠢᠨ ᠵᠠᠮ ᠢᠶᠠᠷ ᠯᠠᠪᠳᠠᠭᠤᠨ ᠪᠠᠲᠤᠲᠠᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃ | | ᠳᠠᠷᠠᠭ᠎ᠠ ᠨᠢ ᠰᠢ ᠶᠢᠨ ᠫᠢᠩ ᠠᠮᠤ ᠪᠤᠳᠠᠭ᠎ᠠ ᠶᠢᠨ ᠲᠣᠮᠣ ᠲᠠᠷᠢᠶᠠᠴᠢᠨ ᠡᠷᠦᠭᠡ ᠳ᠋ᠠᠢ ᠬᠤᠩ ᠤᠨ ᠬᠢᠨ ᠳᠤ | ᠬᠦᠷᠴᠦ᠂ ᠲᠠᠷᠢᠶᠠᠯᠠᠩ ᠤᠨ ᠮᠠᠰᠢᠨ ᠪᠠᠭᠠᠵᠢ ᠪᠣᠯᠣᠨ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠤᠨ ᠪᠡᠯᠡᠳᠬᠡᠯ ᠢ | ᠪᠠᠶᠢᠴᠠᠭᠠᠨ ᠦᠵᠡᠭᠰᠡᠨ ᠪᠥᠭᠡᠳ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠲᠤ ᠬᠦᠷᠴᠦ ᠲᠤᠬᠠᠢ ᠶᠢᠨ ᠭᠠᠵᠠᠷ ᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ | ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ | ᠲᠡᠷᠡ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠴᠡᠷᠢᠭ ᠢ | ᠰᠢᠯᠢᠳᠡᠭᠵᠢᠭᠦᠯᠦᠨ ᠵᠠᠰᠠᠭ ᠢ ᠴᠣᠮᠬᠠᠳᠬᠠᠵᠤ᠂ ᠡᠨᠡ ᠬᠦ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠬᠤ | ᠬᠡᠷᠡᠭᠲᠡᠢ ᠭᠡᠵᠦ ᠵᠢᠭᠠᠵᠤ ᠭᠠᠷᠭᠠᠵᠠᠢ᠃ ᠲᠡᠷᠡ᠂ ᠦᠨᠳᠦᠰᠦᠨ ᠱᠠᠲᠤᠨ ᠤ ᠺᠠᠳ᠋ᠷᠴᠤᠳ ᠢ ᠠᠵᠤ ᠦᠢᠯᠡᠰ ᠤᠨ | ᠬᠥᠭᠵᠢᠯᠲᠡ ᠪᠣᠯᠣᠨ ᠬᠥᠳᠡᠭᠡ ᠲᠣᠰᠬᠤᠨ ᠤ ᠵᠠᠰᠠᠯᠲᠠ ᠶᠢᠨ ᠲᠠᠯ᠎ᠠ ᠪᠠᠷ ᠤᠯᠠᠨ ᠤ ᠤᠬᠠᠭᠠᠨ ᠬᠠᠮᠲᠤ ᠶᠢᠨ | ᠬᠦᠴᠦᠨ ᠳᠤ ᠲᠦᠰᠢᠭᠯᠡᠨ᠂ ᠲᠠᠷᠢᠶᠠᠴᠢᠨ ᠤᠯᠠᠨ ᠲᠦᠮᠡᠨ ᠳᠤ ᠮᠡᠳᠡᠷᠡᠭᠳᠡᠭᠰᠡᠨ ᠪᠣᠳᠠᠲᠠᠢ ᠠᠮᠵᠢᠯᠲᠠ ᠶᠢ ᠲᠠᠰᠤᠷᠠᠯᠲᠠ | ᠦᠭᠡᠢ ᠭᠠᠷᠭᠠᠭᠠᠷᠠᠢ ᠭᠡᠵᠦ ᠵᠣᠷᠢᠭᠵᠢᠭᠤᠯᠪᠠ᠃ | ᠠᠶᠠᠷᠯᠠᠬᠤ ᠦᠶ᠎ᠡ ᠳᠤ᠂ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠤ | ᠶᠡᠷᠦᠩᠬᠡᠢ ᠱᠦᠵᠢ ᠶᠢ ᠦᠳᠡᠨ ᠮᠣᠷᠳᠠᠭᠤᠯᠪᠠ᠃ ᠰᠢ ᠶᠢᠨ ᠫᠢᠩ ᠭᠦᠨ ᠰᠡᠳᠬᠢᠯᠭᠡ ᠲᠠᠢ ᠪᠠᠷ ᠤᠯᠠᠨ ᠳᠤ᠂ ᠨᠠᠮ ᠤᠨ | ᠲᠥᠪ ᠬᠤᠷᠢᠶ᠎ᠠ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠨ᠎ᠠ᠂ ᠯᠠᠪᠲᠠᠢ ᠦᠨᠡᠨ ᠬᠦ ᠬᠦᠴᠦᠲᠡᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠠᠪᠴᠤ᠂ | ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠪᠠ ᠬᠡᠷᠡᠭᠴᠡᠭᠡ ᠱᠠᠭᠠᠷᠳᠠᠯᠭ᠎ᠠ ᠳᠤ ᠬᠠᠷᠢᠭᠤᠯᠲᠠ ᠥᠭᠴᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠵᠢᠷᠤᠭ ᠲᠥᠰᠥᠪ ᠢ ᠪᠣᠳᠠᠲᠤ ᠠᠬᠤᠢ | ᠪᠣᠯᠭᠠᠨ ᠬᠤᠪᠢᠷᠠᠭᠤᠯᠤᠨ᠎ᠠ ᠭᠡᠵᠦ ᠬᠡᠯᠡᠪᠡ᠃ ᠠᠯᠠᠭ᠎ᠠ ᠲᠡᠰᠢᠯᠲᠡ ᠶᠢᠨ ᠲᠠᠭᠤᠨ ᠲᠣᠰᠬᠤᠨ ᠳᠤ ᠤᠳᠠᠲᠠᠯ᠎ᠠ | ᠴᠤᠤᠷᠢᠶᠠᠲᠤᠪᠠ᠃ | 21 ᠤ ᠦᠳᠡ ᠶᠢᠨ ᠡᠮᠦᠨ᠎ᠡ᠂ ᠰᠢ ᠶᠢᠨ ᠫᠢᠩ ᠬᠤᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠨᠠᠨ ᠤ ᠡᠯ᠎ᠡ ᠵᠦᠢᠯ ᠤᠨ | ᠠᠵᠢᠯ ᠳᠤ ᠣᠯᠣᠭᠰᠠᠨ ᠠᠮᠵᠢᠯᠲᠠ ᠶᠢ ᠨᠤᠲᠠᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠡᠯᠧᠮᠧᠨ᠋ᠲ ᠮᠥᠨ᠃ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ | ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠬᠦᠴᠦᠨ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠲᠡᠷᠢᠭᠦᠨ ᠤ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠢᠳᠡᠪᠬᠢᠲᠡᠢ ᠣᠷᠣᠭᠤᠯᠤᠨ ᠠᠪᠴᠢᠷᠠᠵᠤ᠂ | ᠵᠠᠩᠭᠢᠯᠠᠭ᠎ᠠ ᠶᠢᠨ ᠬᠦᠷᠢᠶᠡᠨ ᠤ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ | ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠬᠦ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ | ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ | ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠲᠦᠷᠭᠡᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ | ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠰᠠᠭᠤᠷᠢ ᠶᠢ ᠲᠠᠭᠢᠨ | ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ ᠲᠣᠨᠣᠭᠯᠠᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ | ᠲᠡᠷᠢᠭᠦᠨ ᠤ ᠦᠢᠯᠡᠳᠬᠦ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠦᠢᠯᠡᠰ ᠢ | ᠳᠡᠭᠡᠳᠦ ᠲᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠶᠢᠵᠢᠭᠦᠯᠭᠦ ᠬᠥᠭᠵᠢᠯᠲᠡ ᠶᠢ ᠠᠬᠢᠭᠤᠯᠵᠤ᠂ ᠤᠯᠤᠰ ᠤᠨ | ᠲᠡᠰ ᠤᠨ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠰᠠᠭᠠᠳ ᠲᠦᠭᠵᠢᠷᠡᠯ ᠤᠨ ᠠᠰᠠᠭᠤᠳᠠᠯ᠂ ᠬᠥᠭᠵᠢᠯᠲᠡ ᠶᠢᠨ ᠣᠷᠴᠢᠨ ᠪᠠ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠪᠡᠷᠰᠢᠶᠡᠯ ᠬᠦᠴᠢᠷᠳᠡᠯ ᠤᠨ ᠠᠰᠠᠭᠤᠳᠠᠯ᠂ ᠨᠡᠶᠢᠭᠡᠮ ᠤᠨ ᠲᠥᠪ | ᠭᠤᠣᠯᠴᠢ ᠰᠢᠳᠤᠷᠭᠤ ᠶᠣᠰᠣ ᠠᠴᠠ ᠲᠡᠷᠰᠯᠡᠭᠰᠡᠨ ᠭᠤᠣᠯᠳᠠᠯᠭ᠎ᠠ ᠬᠠᠯᠠᠮᠰᠢᠯ ᠤᠨ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ ᠨᠡᠮᠡᠷᠢᠯᠡᠬᠦ | ᠬᠡᠷᠡᠭᠲᠡᠢ᠃ ᠬᠤᠨᠠᠨ ᠤ ᠬᠢᠨ ᠥᠭᠡᠷᠡᠴᠢᠯᠡᠯᠲᠡ ᠶᠢ ᠰᠢᠰᠲ᠋ᠧᠮ ᠲᠠᠢ ᠨᠡᠶᠢᠳᠬᠡᠬᠦ ᠶᠢ ᠴᠢᠩᠭᠠᠳᠬᠠᠵᠤ᠂ ᠪᠦᠭᠦ | ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠨᠡᠩ ᠰᠠᠶᠢᠨ ᠣᠷᠣᠯᠴᠠᠵᠤ᠂ | ᠳᠤᠮᠳᠠ ᠣᠷᠣᠨ ᠤ ᠬᠥᠭᠵᠢᠯ ᠮᠠᠨᠳᠤᠯ ᠪᠣᠯᠣᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠳᠤ ᠪᠦᠭᠦ ᠲᠠᠯ᠎ᠠ ᠪᠠᠷ ᠠᠭᠤᠰᠤᠯᠴᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ | ᠯᠠᠪᠳᠠᠭᠤᠨ ᠢᠶᠠᠷ ᠥᠷᠭᠡᠳᠬᠡᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠥᠨᠳᠥᠷ ᠪᠠᠷᠢᠮᠵᠢᠶ᠎ᠠ ᠪᠠᠷ | ᠰᠠᠶᠢᠲᠤᠷ ᠪᠦᠲᠦᠭᠡᠨ ᠪᠠᠶᠢᠭᠤᠯᠵᠤ᠂ ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ | ᠬᠠᠮᠲᠤᠷᠠᠯᠴᠠᠭᠠᠨ ᠤ ᠤᠷᠢᠳ ᠢᠶᠠᠷ ᠬᠡᠷᠡᠭᠵᠢᠭᠦᠯᠬᠦ ᠣᠷᠣᠨ ᠢ ᠬᠦᠴᠦᠯᠡᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠰᠢ ᠶᠢᠨ ᠫᠢᠩ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ | ᠰᠢᠨ᠎ᠡ ᠴᠠᠭ ᠦᠶ᠎ᠡ ᠰᠢᠨ᠎ᠡ ᠠᠶᠠᠨ ᠳᠠᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠠᠵᠢᠯ ᠤᠨ ᠶᠡᠷᠦᠩᠬᠡᠢ ᠭᠠᠷᠳᠠᠴᠠ ᠮᠥᠨ᠃ ᠬᠤᠨᠠᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ | ᠬᠦᠨᠳᠦ ᠡᠭᠦᠷᠭᠡ ᠶᠢ ᠡᠭᠦᠷᠭᠡᠯᠡᠵᠦ᠂ ᠦᠷ᠎ᠡ ᠪᠣᠯᠣᠨ ᠲᠠᠷᠢᠶᠠᠨ ᠭᠠᠵᠠᠷ ᠭᠡᠬᠦ ᠬᠤᠶᠠᠷ ᠠᠮᠢᠨ ᠭᠠᠵᠠᠷ ᠢ ᠠᠳᠬᠤᠵᠤ᠂ | ᠦᠷ᠎ᠡ ᠶᠢᠨ ᠦᠢᠯᠡᠰ᠂ ᠲᠠᠷᠢᠶᠠᠯᠠᠩ ᠤᠨ ᠮᠠᠰᠢᠨ ᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ | ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ᠃ ᠬᠠᠮ ᠬᠥᠳᠡᠭᠡ ᠠᠵᠤ ᠠᠬᠤᠢ ᠶᠢᠨ ᠦᠵᠡᠯᠲᠡ᠂ ᠬᠠᠮ ᠢᠳᠡᠭᠡᠨ ᠤ | ᠦᠵᠡᠯᠲᠡ ᠶᠢ ᠪᠠᠷᠢᠮᠲᠠᠯᠠᠵᠤ᠂ ᠣᠨᠴᠠᠯᠢᠭᠲᠤ ᠲᠠᠷᠢᠶᠠᠯᠠᠩ ᠪᠠ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ | ᠦᠢᠯᠡᠰ ᠢ ᠢᠳᠡᠪᠬᠢᠲᠡᠢ ᠬᠥᠭᠵᠢᠭᠦᠯᠵᠦ᠂ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠢᠷᠢ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ᠃ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ | ᠬᠤᠰᠢᠭᠤ ᠰᠢᠶᠠᠨ ᠤ ᠠᠵᠤ ᠠᠬᠤᠢ ᠶᠢ ᠪᠤᠵᠠᠭᠠᠶᠢᠷᠠᠭᠤᠯᠤᠨ᠂ ᠬᠤᠲᠠ ᠬᠥᠳᠡᠭᠡ ᠶᠢᠨ ᠬᠦᠴᠦᠨ ᠵᠦᠢᠯ ᠤᠨ ᠬᠤᠣᠰ | ᠴᠢᠭᠯᠡᠯ ᠢᠶᠠᠷ ᠰᠢᠯᠵᠢᠭᠦ ᠶᠢ ᠰᠢᠯᠤᠭᠤᠳᠬᠠᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠠ ᠣᠯᠠᠨ | ᠨᠡᠶᠢᠲᠡ ᠶᠢᠨ ᠦᠢᠯᠡᠴᠢᠯᠡᠭᠡᠨ ᠤ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ | ᠬᠡᠷᠡᠭᠲᠡᠢ᠃ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠬᠡᠪ | ᠵᠠᠩᠰᠢᠯ ᠢ ᠥᠭᠡᠷᠡᠴᠢᠯᠡᠬᠦ ᠶᠢ ᠶᠡᠭᠡ ᠪᠠᠷ ᠠᠬᠢᠭᠤᠯᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ | ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠢᠨ᠎ᠡ ᠴᠠᠭ ᠦᠶ᠎ᠡ ᠶᠢᠨ ︽ | ᠹᠸᠡᠭᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠬᠡᠷᠡᠭᠲᠡᠢ᠃ ᠳᠠᠭᠢᠨ ᠶᠠᠳᠠᠭᠤᠷᠠᠬᠤ ᠶᠢ ᠰᠡᠷᠭᠡᠶᠢᠯᠡᠬᠦ | ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠭᠡᠪᠴᠢᠶᠡᠵᠢᠲᠤ ᠴᠢᠨᠠᠷᠲᠠᠢ ᠳᠠᠭᠢᠨ | ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠤᠨᠠᠨ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠵᠦ᠂ ᠳᠤᠮᠳᠠᠳᠤ ᠶᠢᠨ | ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ | ᠬᠡᠷᠡᠭᠲᠡᠢ᠃ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠰᠠᠶᠢᠲᠤᠷ ᠬᠡᠷᠡᠭᠯᠡᠵᠦ᠂ ᠬᠤᠪᠢᠰᠬᠠᠯᠲᠤ | ᠤᠯᠠᠮᠵᠢᠯᠠᠯ ᠪᠣᠯᠣᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠩᠭᠠᠳᠬᠠᠵᠤ᠂ ᠥᠷᠭᠡᠨ ᠤᠯᠠᠨ ᠺᠠᠳ᠋ᠷ | ᠤᠯᠠᠨ ᠲᠦᠮᠡᠨ ᠢ ᠬᠥᠲᠥᠯᠥᠨ ᠳᠠᠭᠠᠭᠤᠯᠵᠤ ᠪᠠᠶᠢᠭᠠᠳ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠬᠤᠪᠢᠰᠬᠠᠯᠲᠤ | ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ | ᠦᠢᠯᠡᠳᠦᠯᠭᠡᠵᠢᠭᠦᠯᠵᠦ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠪᠤᠢ ᠪᠤᠯᠭᠠᠬᠤ | ᠬᠡᠷᠡᠭᠲᠡᠢ᠃ ᠰᠣᠶᠣᠯ ᠪᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠭᠤᠰᠤᠯᠴᠠᠯ ᠤᠨ ᠪᠦᠲᠦᠮᠵᠢᠲᠡᠢ | ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨ᠎ᠡ ᠮᠠᠶ᠋ᠢᠭ ᠤᠨ ᠰᠣᠶᠣᠯ ᠤᠨ ᠡᠵᠡᠩᠨᠡᠯᠲᠡ ᠶᠢᠨ ᠭᠡᠯᠪᠡᠷᠢ ᠪᠠᠶᠢᠳᠠᠯ ᠢ | ᠲᠦᠷᠭᠡᠳᠬᠡᠨ ᠬᠥᠭᠵᠢᠭᠦᠯᠵᠦ᠂ ᠨᠡᠩ ᠤᠯᠠᠨ ᠰᠢᠨ᠎ᠡ ᠰᠣᠶᠣᠯ ᠤᠨ ᠠᠵᠤ ᠦᠢᠯᠡᠰ ᠤᠨ ᠨᠡᠮᠡᠭᠳᠡᠯ ᠤᠨ ᠴᠡᠭ ᠢ ᠪᠤᠢ | ᠪᠤᠯᠭᠠᠬᠤ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠤᠨᠠᠨ ᠤ ᠡᠬᠡ | ᠭᠠᠵᠠᠷ ᠤᠨ ᠬᠥᠬᠡᠮᠳᠦᠭ ᠨᠣᠭᠤᠭᠠᠨ ᠠᠭᠤᠯᠠ ᠤᠰᠤ᠂ ᠴᠡᠯᠮᠡᠭ ᠲᠡᠭᠷᠢ ᠴᠡᠪᠡᠷ ᠬᠥᠷᠥᠰᠥ ᠶᠢ ᠰᠠᠶᠢᠲᠤᠷ ᠰᠠᠬᠢᠨ | ᠬᠠᠮᠠᠭᠠᠯᠠᠵᠤ᠂ ᠪᠠᠶᠢᠭᠠᠯᠢ ᠶᠢᠨ ᠥᠩᠭᠡ ᠦᠵᠡᠮᠵᠢ ᠪᠠ ᠰᠣᠶᠣᠯ ᠢᠷᠭᠡᠨᠰᠢᠯ ᠵᠠᠩ ᠵᠠᠩᠰᠢᠯ ᠢ ᠵᠢᠭᠤᠯᠴᠢᠯᠠᠯ ᠤᠨ | ᠦᠢᠯᠡᠰ ᠤᠨ ᠥᠨᠢᠳᠡ ᠶᠢᠨ ᠲᠠᠲᠠᠬᠤ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ | ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠥᠪ ᠵᠠᠰᠠᠭ ᠤᠨ ᠠᠵᠢᠯ ᠤᠨ | ᠪᠦᠲᠦᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ | ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ | ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ | ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠬᠥᠲᠥᠯᠥᠨ ᠵᠢᠯᠤᠭᠤᠳᠴᠤ᠂ ᠤᠳᠤᠷᠢᠳᠬᠤ ᠺᠠᠳ᠋ᠷᠴᠤᠳ ᠤᠨ | ᠵᠥᠪ ᠡᠷᠬᠡ ᠶᠢᠨ ᠦᠵᠡᠯᠲᠡ ᠶᠢ ᠪᠤᠢ ᠪᠤᠯᠭᠠᠬᠤ᠂ ᠲᠥᠪ ᠭᠤᠣᠯᠴᠢ ᠪᠠᠷ ᠡᠷᠬᠡ ᠪᠠᠨ ᠬᠡᠷᠡᠭᠯᠡᠬᠦ᠂ ᠬᠠᠤᠯᠢ ᠶᠣᠰᠣᠭᠠᠷ | ᠡᠷᠬᠡ ᠪᠠᠨ ᠬᠡᠷᠡᠭᠯᠡᠬᠦ᠂ ᠠᠷᠠᠳ ᠤᠨ ᠲᠥᠯᠥᠭᠡ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ | ᠬᠡᠷᠡᠭᠯᠡᠬᠦ ᠶᠢ ᠱᠠᠯᠠᠪᠳᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ | ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | 3 ᠰᠠᠷ᠎ᠠ ᠶᠢᠨ 20 ᠤ ᠦᠳᠡ ᠶᠢᠨ ᠡᠮᠦᠨ᠎ᠡ᠂ ᠰᠢ ᠶᠢᠨ ᠫᠢᠩ ᠴᠠᠩᠱᠠ ᠳᠤ ᠰᠠᠭᠤᠭ᠎ᠠ ᠴᠡᠷᠢᠭ ᠠᠩᠭᠢ ᠶᠢᠨ | ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠲᠠᠢ ᠳᠣᠲᠣᠨᠣ ᠪᠠᠷ ᠠᠭᠤᠯᠵᠠᠵᠤ᠂ ᠨᠠᠮ ᠤᠨ ᠲᠥᠪ | ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢ ᠲᠥᠯᠥᠭᠡᠯᠡᠨ ᠴᠠᠩᠱᠠ ᠳᠤ ᠰᠠᠭᠤᠭ᠎ᠠ ᠴᠡᠷᠢᠭ | ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ | ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠵᠠᠩ ᠶᠢᠤ ᠰᠢᠶᠠ ᠪᠠᠷ᠎ᠠ ᠪᠣᠯᠵᠤ | ᠠᠭᠤᠯᠵᠠᠵᠠᠢ᠃ |