ᠴᠢ ᠹᠧᠢ ᠶᠦᠨ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2024/4/1
   3 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ᠂ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠢᠨᠠᠮᠠᠭᠠᠢ ᠰᠣᠨᠣᠰᠴᠤ᠂ ᠪᠣᠳᠠᠲᠠᠢ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠵᠣᠬᠢᠴᠠᠭᠤᠯᠤᠨ ᠰᠢᠢᠳᠪᠦᠷᠢᠯᠡᠪᠡ᠃    ᠴᠢ ᠹᠧᠢ ᠶᠦᠨ ᠤᠷᠢᠳ ᠬᠤᠵᠢᠳ ᠬᠤᠶᠠᠷ ᠪᠦᠯᠦᠭ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ᠂ ᠤᠯᠠᠨ ᠲᠦᠮᠡᠨ ᠤ ᠰᠡᠳᠬᠢᠯ ᠤᠨ ᠦᠭᠡ ᠶᠢ ᠬᠦᠯᠢᠴᠡᠩᠭᠦᠢ ᠪᠠᠷ ᠰᠣᠨᠣᠰᠴᠤ᠂ ᠤᠴᠢᠷ ᠶᠠᠪᠤᠳᠠᠯ ᠤᠨ ᠤᠭ ᠰᠢᠯᠲᠠᠭᠠᠨ ᠢ ᠨᠠᠷᠢᠨ ᠣᠶᠢᠯᠠᠭᠠᠵᠤ᠂ ᠠᠰᠠᠭᠤᠳᠠᠯ ᠤᠨ ᠵᠠᠩᠭᠢᠯᠠᠭ᠎ᠠ ᠶᠢ ᠵᠠᠳᠠᠯᠤᠨ ᠡᠮᠬᠢᠯᠡᠬᠦ ᠶᠢᠨ ᠬᠠᠮᠲᠤ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠲᠤᠪᠠᠷ ᠰᠢᠢᠳᠪᠦᠷᠢᠯᠡᠬᠦ ᠠᠷᠭ᠎ᠠ ᠶᠢ ᠰᠤᠳᠤᠯᠵᠤ᠂ ᠰᠢᠢᠳᠪᠦᠷᠢᠯᠡᠬᠦ ᠲᠥᠰᠥᠯ ᠢ ᠳᠤᠷᠠᠳᠴᠠᠢ᠃ ᠴᠢ ᠹᠧᠢ ᠶᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠮᠥᠷᠳᠡᠨ ᠰᠢᠪᠠᠳᠠᠨ ᠰᠢᠢᠳᠪᠦᠷᠢᠯᠡᠭᠦᠯᠬᠦ ᠪᠠᠨ ᠴᠢᠩᠭᠠᠳᠬᠠᠨ᠂ ᠣᠯᠠᠨ ᠲᠦᠮᠡᠨ ᠤ ᠵᠦᠢ ᠵᠣᠬᠢᠰᠲᠠᠢ ᠬᠠᠤᠯᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠦᠨᠡᠨ ᠬᠦ ᠪᠣᠳᠠᠲᠠᠢ ᠪᠠᠷ ᠰᠢᠢᠳᠪᠦᠷᠢᠯᠡᠵᠦ᠂ ᠣᠯᠠᠨ ᠲᠦᠮᠡᠨ ᠢ ᠦᠨᠡᠨ ᠬᠦ ᠰᠠᠨᠠᠭ᠎ᠠ ᠠᠮᠤᠷ᠂ ᠰᠡᠳᠬᠢᠯ ᠢ ᠳᠤᠯᠠᠭᠠᠴᠠᠭᠤᠯᠬᠤ ᠬᠡᠷᠡᠭᠲᠡᠢ ᠭᠡᠵᠦ ᠱᠠᠭᠠᠷᠳᠠᠪᠠ᠃    ᠰᠣᠷᠪᠤᠯᠵᠢᠯᠠᠭ᠎ᠠ ᠶᠢ ᠬᠦᠯᠢᠶᠡᠨ ᠠᠪᠬᠤ ᠶᠠᠪᠤᠴᠠ ᠳᠤ᠂ ᠴᠢ ᠹᠧᠢ ᠶᠦᠨ᠂ ᠤᠰᠤ᠂ ᠴᠠᠬᠢᠯᠭᠠᠨ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠮᠥᠨ᠂ ᠲᠦᠭ ᠲᠦᠮᠡᠨ ᠠᠶᠢᠯ ᠡᠷᠦᠬᠡ ᠶᠢᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠣᠷᠣᠨ ᠪᠠᠶᠢᠷᠢ ᠪᠠᠨ ᠰᠣᠯᠢᠵᠤ ᠰᠡᠳᠬᠢᠬᠦ ᠶᠢ ᠰᠤᠷᠴᠤ᠂ ᠥᠪᠡᠷ ᠤᠨ ᠪᠡᠶ᠎ᠡ ᠪᠠᠷ ᠢᠶᠠᠨ ᠤᠯᠠᠨ ᠲᠦᠮᠡᠨ ᠤ ᠲᠥᠯᠥᠭᠡ ᠪᠣᠳᠣᠯᠬᠢᠯᠠᠵᠤ᠂ ᠤᠯᠠᠨ ᠲᠦᠮᠡᠨ ᠤ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ ᠵᠡᠷᠭᠡ ᠪᠣᠳᠠᠲᠠᠢ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠰᠠᠶᠢᠨ ᠶᠠᠪᠤᠳᠠᠯ ᠢ ᠪᠣᠳᠠᠲᠠᠢ ᠬᠢᠵᠦ᠂ ᠪᠣᠳᠠᠲᠠᠢ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠴᠡᠭ ᠠᠴᠠ ᠪᠦᠬᠦ ᠲᠠᠯ᠎ᠠ ᠳᠤ ᠬᠦᠷᠲᠡᠯ᠎ᠡ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠨᠢᠭᠡ ᠠᠰᠠᠭᠤᠳᠠᠯ ᠢ ᠰᠢᠢᠳᠪᠦᠷᠢᠯᠡᠬᠦ ᠪᠠᠷ ᠳᠠᠮᠵᠢᠨ ᠨᠢᠭᠡ ᠲᠦᠷᠦᠯ ᠤᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠺᠠᠳ᠋ᠷᠴᠤᠳ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠠᠵᠢᠯᠯᠠᠬᠤ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠬᠦ ᠪᠠᠷ ᠴᠢᠷᠮᠠᠶᠢᠵᠤ᠂ ᠵᠥᠷᠢᠴᠡᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃                                          ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2