ᠰᠦᠢ ᠸᠧᠢ ᠵᠢᠶᠦ᠋ᠨ ᠵᠦᠩ ᠶᠢᠨ ᠳ᠋ᠠᠶᠢᠲ᠋ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠠᠩ ᠵᠢᠶᠧ ᠨᠠᠷ ᠲᠠᠢ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/1
    3 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠵᠥᠩ  ᠶᠢᠨ ᠳ᠋ᠠᠶᠢᠲ᠋ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠠᠩ ᠵᠢᠶᠧ ᠨᠠᠷ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠲᠥᠷᠥᠯ ᠵᠦᠢᠯ ᠢ ᠲᠦᠷᠭᠡᠳᠬᠡᠨ ᠠᠬᠢᠭᠤᠯᠬᠤ᠂ ᠣᠯᠠᠨ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠰᠣᠯᠢᠯᠴᠠᠪᠠ᠃     ᠰᠦᠢ ᠸᠧᠢ ᠵᠢᠶᠦ᠋ᠨ ᠬᠡᠷᠡᠭ ᠮᠡᠳᠡᠭᠴᠢᠳ ᠤᠨ ᠳᠠᠷᠤᠭ᠎ᠠ ᠶᠠᠩ ᠵᠢᠶᠧ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ ᠤᠯᠠᠭᠠᠨᠴᠠᠪ ︽ᠵᠡᠬᠦᠨ ᠤ ᠲᠤᠭ᠎ᠠ ᠶᠢ ᠪᠠᠷᠠᠭᠤᠨ ᠳᠤ ᠪᠤᠳᠤᠬᠤ︾ ᠰᠢᠨ᠎ᠡ ᠠᠵᠠ ᠲᠣᠬᠢᠶᠠᠯ ᠢ ᠠᠮᠵᠢᠵᠤ᠂ ᠪᠥᠬᠦ ᠤᠯᠤᠰ ᠤᠨ ᠨᠢᠭᠡ ᠴᠣᠭᠴᠠᠵᠢᠭᠰᠠᠨ ᠪᠤᠳᠤᠬᠤ ᠬᠦᠴᠦᠨ ᠤ ᠰᠦᠯᠵᠢᠶ᠎ᠡ ᠶᠢᠨ ᠤᠯᠤᠰ ᠤᠨ ᠵᠠᠩᠭᠢᠯᠠᠭ᠎ᠠ ᠶᠢᠨ ᠴᠡᠭ ᠢ ᠪᠦᠲᠦᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠪᠤᠳᠤᠬᠤ ᠬᠦᠴᠦᠨ ᠤ ᠠᠵᠤ ᠦᠢᠯᠡᠰ ᠢ ᠪᠥᠬᠦ ᠲᠠᠯ᠎ᠠ ᠪᠠᠷ ᠪᠠᠶᠢᠷᠢᠰᠢᠭᠤᠯᠤᠨ᠂ ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠣᠬᠢᠷᠲᠤᠯ ᠦᠭᠡᠢ ᠪᠤᠳᠤᠬᠤ ᠬᠦᠴᠦᠨ ᠢ ᠪᠡᠭᠡᠵᠢᠩ ᠳᠤ ᠣᠷᠣᠭᠤᠯᠬᠤ ᠠᠵᠢᠯᠯᠠᠭ᠎ᠠ ᠶᠢ ᠬᠡᠷᠡᠭᠵᠢᠭᠦᠯᠵᠦ ᠪᠠᠶᠢᠨ᠎ᠠ᠂ ᠬᠤᠶᠠᠷ ᠲᠠᠯ᠎ᠠ ᠶᠢᠨ ᠪᠤᠳᠤᠬᠤ ᠬᠦᠴᠦᠨ ᠤ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠬᠢ ᠬᠠᠮᠲᠤᠷᠠᠯᠴᠠᠭᠠᠨ ᠤ ᠳᠠᠯᠳᠠ ᠬᠦᠴᠦᠨ ᠯᠤᠲᠤ ᠶᠡᠭᠡ᠂ ᠢᠷᠡᠭᠡᠳᠦᠢ ᠰᠠᠷᠠᠭᠤᠯ ᠠᠭᠤᠳᠠᠮ ᠪᠠᠶᠢᠨ᠎ᠠ᠃ ᠬᠤᠶᠢᠰᠢᠳᠠ ᠬᠤᠶᠠᠷ ᠲᠠᠯ᠎ᠠ ᠪᠠᠷ ᠢᠶᠠᠨ ᠵᠣᠯᠭᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠠᠮᠲᠤᠷᠠᠯᠴᠠᠭᠠᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ ᠬᠠᠮᠲᠤᠷᠠᠯᠴᠠᠭ᠎ᠠ ᠬᠢᠵᠦ᠂ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠤᠯᠠᠭᠠᠨᠴᠠᠪ ᠲᠦᠷᠦᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠶᠠᠪᠤᠴᠠ ᠪᠠᠷ ᠬᠤᠷᠳᠤᠴᠠ ᠪᠠᠨ ᠲᠦᠷᠭᠡᠳᠬᠡᠵᠦ᠂ ᠪᠦᠬᠦ ᠲᠠᠯ᠎ᠠ ᠪᠠᠷ ᠠᠬᠢᠭᠤᠯᠵᠤ᠂ ᠬᠠᠮᠲᠤᠷᠠᠯᠴᠠᠭᠠᠨ ᠤ ᠲᠦᠷᠦᠯ ᠵᠦᠢᠯ ᠤᠨ ᠪᠣᠳᠠᠲᠠᠢ ᠳᠤ ᠨᠠᠶᠢᠳᠠᠪᠤᠷᠢᠵᠢᠭᠤᠯᠤᠭᠳᠠᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠪᠠᠷ ᠪᠠᠶᠢᠨ᠎ᠠ ᠬᠡᠪᠡ᠃     ᠶᠠᠩ ᠵᠢᠶᠧ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠠᠵᠤ ᠠᠬᠤᠶᠢᠯᠠᠯ ᠳᠤ ᠦᠵᠡᠭᠦᠯᠦᠭᠰᠡᠨ ᠳᠡᠮᠵᠢᠯᠭᠡ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠩᠭᠠᠭᠰᠠᠨ ᠥᠨᠳᠥᠷ ᠪᠦᠲᠦᠮᠵᠢᠲᠡᠢ ᠴᠢᠨᠠᠷ ᠰᠠᠶᠢᠲᠠᠢ ᠦᠢᠯᠡᠴᠢᠯᠡᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠵᠦᠩ  ᠶᠢᠨ ᠳ᠋ᠠᠶᠢᠲ᠋ᠠ ᠶᠢᠨ ᠪᠦᠯᠦᠭᠯᠡᠯ ᠦᠷᠭᠦᠯᠵᠢᠯᠡᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠲᠦᠷᠦᠯ ᠵᠦᠢᠯ ᠢ ᠠᠬᠢᠭᠤᠯᠤᠭᠰᠠᠨ ᠰᠠᠭᠤᠷᠢᠨ ᠳᠡᠭᠡᠷ᠎ᠡ᠂ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠬᠠᠮᠲᠤᠷᠠᠯᠴᠠᠭᠠᠨ ᠤ ᠠᠵᠠ ᠲᠣᠬᠢᠶᠠᠯ ᠢ ᠢᠳᠡᠪᠬᠢᠲᠡᠢ ᠡᠷᠢᠯᠬᠢᠯᠡᠵᠦ᠂ ᠤᠯᠠᠭᠠᠨᠴᠠᠪ ᠤᠨ ᠳ᠋ᠠᠶᠢᠲ᠋ᠠ ᠶᠢᠨ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠵᠤ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠬᠡᠯᠡᠪᠡ᠃     ᠴᠠᠢ ᠶᠤᠸᠠᠢ ᠬᠤᠷᠠᠯ ᠳᠤ ᠣᠷᠣᠯᠴᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2