ᠳᠥᠷᠪᠡᠳ ᠬᠤᠰᠢᠭᠤᠨ ᠤ ᠵᠠᠰᠠᠭ ᠤᠨ ᠣᠷᠳᠣᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/1
    3 ᠰᠠᠷ᠎ᠠ ᠶᠢᠨ 28 ᠤ ᠡᠳᠦᠷ᠂ ᠳᠥᠷᠪᠡᠳ ᠬᠤᠰᠢᠭᠤᠨ ᠤ ᠵᠠᠰᠠᠭ ᠤᠨ ᠣᠷᠳᠣᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠠᠢ᠃     ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠰᠠᠬᠢᠯᠭ᠎ᠠ ᠪᠠᠲᠤ ᠪᠠ ᠶᠣᠰᠣ ᠳᠦᠷᠢᠮ ᠤᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠨᠠᠩ ᠬᠦᠴᠦᠲᠡᠢ᠂ ᠨᠠᠩ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠪᠠᠷ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ  ᠢ ᠤᠬᠠᠮᠰᠠᠷ ᠠᠴᠠ ᠪᠠᠨ ᠲᠦᠯᠬᠢᠨ ᠠᠬᠢᠭᠤᠯᠬᠤ ᠬᠡᠷᠡᠭᠲᠡᠢ᠃ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠴᠤ ᠨᠠᠶᠢᠳᠠᠪᠤᠷᠢᠵᠢᠭᠤᠯᠬᠤ ᠶᠢ ᠠᠳᠬᠤᠵᠤ᠂ ᠭᠤᠣᠯᠳᠠᠯᠭ᠎ᠠ ᠲᠠᠢ ᠲᠦᠷᠦᠯ ᠵᠦᠢᠯ ᠢ ᠳᠤᠪᠤᠶᠢᠯᠭᠠᠵᠦ ᠨᠠᠶᠢᠳᠠᠪᠤᠷᠢᠵᠢᠭᠤᠯᠬᠤ ᠶᠢ ᠠᠳᠬᠤᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ ᠨᠠᠶᠢᠳᠠᠪᠤᠷᠢᠵᠢᠭᠤᠯᠬᠤ ᠶᠢ ᠠᠳᠬᠤᠵᠤ᠂ ︽ᠨᠠᠶᠢᠳᠠᠪᠤᠷᠢᠵᠢᠭᠤᠯᠬᠤ ᠶᠢ ᠶᠡᠬᠡᠪᠡᠷ ᠠᠳᠬᠤᠬᠤ︾ ᠪᠠᠷ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶ᠎ᠡ ᠶᠢ ᠤᠨᠢᠨ ᠳᠡᠭᠡᠷ᠎ᠡ ᠨᠢ ᠬᠦᠴᠦᠲᠡᠢ ᠬᠢᠨᠠᠨ ᠬᠠᠮᠢᠶᠠᠷᠬᠤ ᠬᠡᠷᠡᠭᠲᠡᠢ᠃ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠪᠣᠯᠣᠨ ᠲᠥᠪ ᠪᠤᠰᠤ ᠰᠤᠷᠲᠠᠯ ᠢ ᠴᠢᠩᠭ᠎ᠠ ᠵᠠᠯᠬᠠᠭᠠᠨ ᠰᠢᠳᠬᠡᠬᠦ ᠶᠢᠨ ᠬᠠᠮᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠶᠢ ᠴᠢᠨᠠᠭᠰᠢᠳᠠ ᠰᠢᠯᠢᠳᠡᠭᠵᠢᠭᠦᠯᠬᠦ ᠬᠡᠷᠡᠭᠲᠡᠢ᠃ ᠰᠠᠬᠢᠯᠭ᠎ᠠ ᠪᠠᠲᠤ ᠶᠣᠰᠣ ᠳᠦᠷᠢᠮ ᠢᠶᠠᠷ ᠪᠠᠷᠢᠮᠵᠢᠶ᠎ᠠ ᠪᠣᠯᠭᠠᠵᠤ᠂ ᠠᠷᠢᠭᠤᠨ ᠴᠢᠬᠡᠴᠢ ᠮᠥᠨ ᠴᠢᠨᠠᠷ ᠢᠶᠠᠨ ᠪᠠᠲᠤᠯᠠᠨ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢ ᠠᠬᠢᠭᠤᠯᠬᠤ ᠬᠡᠷᠡᠭᠲᠡᠢ ᠭᠡᠵᠤ ᠱᠠᠭᠠᠷᠳᠠᠪᠠ᠃                                     ᠤᠷᠴᠢᠭᠤᠯᠤᠭᠴᠢ᠄ ᠬᠦᠰᠡᠯ                                     ᠬᠢᠨᠠᠭᠴᠢ᠄ ᠠᠷᠢᠭᠤᠨ1
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2