ᠠᠵᠠ ᠲᠣᠬᠢᠶᠠᠯ ᠢ ᠠᠮᠵᠢᠵᠤ ᠤᠯᠤᠰ ᠤᠨ ᠪᠣᠬᠢᠷᠲᠤᠯ ᠦᠭᠡᠢ ᠪᠤᠳᠤᠯᠳᠠ ᠶᠢᠨ ᠬᠦᠴᠦᠨ ᠤ ᠪᠠᠲᠤᠯᠠᠪᠤᠷᠢ ᠶᠢᠨ ᠰᠠᠭᠤᠷᠢᠨ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠡ
ᠨᠡᠶᠢᠲᠡᠯᠡᠭᠰᠡᠨ ᠴᠠᠭ᠄
2024/4/1
    ᠴᠠᠭ᠄ 2024-03-08     ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ     ᠤᠯᠠᠭᠠᠨᠴᠠᠪ ᠬᠤᠳᠠ ᠶᠢᠨ ᠬᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠭᠤᠣᠯᠳᠠᠯᠭ᠎ᠠ ᠲᠠᠢ ᠪᠠᠶᠢᠷᠢᠯᠠᠭᠤᠯᠬᠤ ᠠᠵᠠ ᠲᠣᠬᠢᠶᠠᠯ ᠢ ᠪᠠᠲᠤ ᠡᠵᠡᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠬᠥᠭᠵᠢᠯᠲᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠲᠣᠭᠠᠴᠢᠯᠠᠯᠲᠠ ᠪᠠ ᠲᠣᠭᠠᠴᠢᠯᠠᠭᠰᠠᠨ ᠠᠵᠤ ᠦᠢᠯᠡᠰᠵᠢᠯᠲᠡ ᠶᠢ ᠲᠦᠷᠭᠡᠳᠬᠡᠨ᠎ᠡ︔ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠡᠭᠡᠳᠦ ᠵᠡᠷᠭᠡ ᠶᠢᠨ ᠪᠤᠳᠤᠬᠤ ᠬᠦᠴᠦᠨ ᠤ ᠰᠠᠭᠤᠷᠢ ᠪᠡᠯᠡᠳᠬᠡᠮᠵᠢ ᠶᠢ ᠢᠳᠡᠪᠬᠢᠲᠡᠢ ᠪᠠᠶᠢᠷᠢᠰᠢᠭᠤᠯᠤᠨ᠂ ︽ᠪᠣᠬᠢᠷᠲᠤᠯ ᠦᠭᠡᠢ ᠪᠤᠳᠤᠬᠤ ᠬᠦᠴᠦᠨ ᠢᠶᠠᠷ ᠪᠡᠭᠡᠵᠢᠩ ᠳᠤ ᠣᠷᠣᠬᠤ︾ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠣᠬᠢᠷᠲᠤᠯ ᠦᠭᠡᠢ ᠥᠨᠳᠥᠷ ᠦᠷ᠎ᠡ ᠪᠦᠲᠦᠮᠵᠢᠲᠡᠶ ᠨᠡᠶᠢᠳᠡᠮ ᠠᠰᠢᠭ ᠬᠦᠷᠲᠡᠭᠡᠬᠦ ᠴᠢᠨᠠᠷ ᠰᠠᠶᠢᠲᠠᠢ ᠪᠤᠳᠤᠬᠤ ᠬᠦᠴᠦᠨ ᠤ ᠦᠢᠯᠡᠴᠢᠯᠡᠭᠡ ᠶᠢ ᠲᠠᠰᠤᠷᠠᠯᠲᠠ ᠦᠭᠡᠢ ᠬᠠᠩᠭᠠᠨ᠎ᠠ᠃ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ ︽ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠤᠷᠤᠯᠴᠠᠭᠰᠠᠨ ᠤ ᠳᠠᠷᠠᠭ᠎ᠠ ᠮᠠᠰᠢ ᠶᠡᠭᠡ ᠰᠡᠩᠬᠡᠷᠡᠭᠦᠯᠦᠯ ᠣᠯᠵᠤ᠂ ᠶᠡᠬᠡᠳᠡ ᠵᠣᠷᠢᠭᠵᠢᠵᠤ᠂ ᠢᠯᠠᠩᠭᠤᠶ᠎ᠠ ᠢᠯᠡᠳᠬᠡᠯ ᠤᠨ ᠬᠤᠯᠪᠣᠭᠳᠠᠯ ᠪᠦᠬᠦᠢ ᠲᠣᠭᠠᠴᠢᠯᠠᠯᠲᠠ ᠶᠢᠨ ᠠᠵᠤ ᠦᠢᠯᠡᠰ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢᠨ ᠲᠤᠬᠠᠢ ᠭᠦᠨ ᠰᠠᠭᠤᠭᠳᠠᠯ ᠲᠠᠢ ᠪᠣᠯᠵᠠᠢ︾᠃ 2024 ᠣᠨ ᠤ ᠪᠦᠬᠦ ᠤᠯᠤᠰ ᠤᠨ ᠬᠤᠶᠠᠷ ᠬᠤᠷᠠᠯ ᠳᠡᠭᠡᠷ᠎ᠡ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠨᠢ ᠪᠦᠬᠦ ᠤᠯᠤᠰ ᠤᠨ ᠴᠤᠷ ᠤᠨ ᠭᠠᠭᠴᠠ ᠲᠣᠮᠣ ᠳ᠋ᠠᠶᠢᠲ᠋ᠠ ᠶᠢᠨ ᠰᠠᠭᠤᠷᠢ ᠲᠥᠬᠦᠭᠡᠷᠦᠮᠵᠢ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠲᠦᠷᠦᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠪᠠ ᠨᠢᠭᠡ ᠴᠣᠭᠴᠠᠵᠢᠭᠤᠯᠤᠭᠰᠠᠨ ᠪᠤᠳᠤᠯᠳᠠ ᠶᠢᠨ ᠬᠦᠴᠦᠨ ᠤ ᠰᠦᠯᠵᠢᠶ᠎ᠡ ᠶᠢᠨ ᠤᠯᠤᠰ ᠤᠨ ᠵᠠᠩᠭᠢᠯᠠᠭ᠎ᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠬᠦᠨᠳᠦ ᠡᠭᠦᠷᠭᠡ ᠶᠢ ᠵᠡᠷᠭᠡᠪᠡᠷ ᠡᠭᠦᠷᠭᠡᠯᠡᠭᠰᠡᠨ ᠭᠠᠵᠠᠷ ᠣᠷᠣᠨ ᠪᠣᠯᠤᠭᠰᠠᠨ ᠤ ᠬᠤᠪᠢ ᠳᠤ᠂ ᠳᠡᠯᠡᠬᠡᠢ ᠶᠢᠨ ᠵᠣᠬᠢᠶᠠᠮᠠᠯ ᠤᠶᠤᠨ ᠴᠢᠳᠠᠪᠤᠷᠢ ᠪᠠ ᠤᠯᠤᠰ ᠤᠨ ᠲᠣᠭᠠᠴᠢᠯᠠᠭᠰᠠᠨ ᠳᠤᠮᠳᠠᠳᠤ ᠤᠯᠤᠰ ᠢ ᠲᠦᠷᠭᠡᠨ ᠪᠦᠲᠦᠭᠡᠨ ᠪᠠᠶᠢᠭᠤᠯᠬᠤ ᠲᠤᠷᠤᠨ᠎ᠠ ᠶᠢᠨ ᠰᠠᠯᠬᠢᠨ ᠤ ᠡᠷᠴᠢᠨ ᠳᠡᠭᠡᠷ᠎ᠡ᠂ ᠪᠣᠬᠢᠷᠲᠤᠯ ᠦᠭᠡᠢ ᠡᠨᠧᠷᠭᠢ᠂ ᠡᠬᠢ ᠪᠠᠶᠠᠯᠢᠭ ᠢ ᠪᠠᠶᠠᠯᠢᠭᠵᠢᠭᠤᠯᠬᠤ᠂ ᠣᠷᠣᠨ ᠪᠠᠶᠢᠷᠢ ᠶᠢ ᠳᠠᠪᠠᠭᠤᠯᠢᠭ ᠪᠠᠶᠢᠯᠭᠠᠬᠤ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠥᠨᠳᠥᠷ ᠨᠠᠶᠢᠳᠠᠪᠤᠷᠢᠲᠠᠢ᠂ ᠥᠨᠳᠥᠷ ᠡᠨᠧᠷᠭᠢ ᠶᠢᠨ ᠠᠰᠢᠭᠯᠠᠮᠵᠢ ᠲᠠᠢ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠤᠭ᠎ᠠ ᠪᠠᠷᠢᠮᠳᠠ ᠶᠢᠨ ᠲᠥᠪ ᠤᠨ ᠪᠦᠯᠦᠭᠯᠡᠯ ᠢ ᠶᠡᠬᠡᠪᠡᠷ ᠬᠥᠭᠵᠢᠭᠦᠯᠵᠦ᠂ ᠣᠷᠣᠨ ᠵᠠᠢ ᠶᠢᠨ ᠪᠠᠶᠢᠷᠢᠰᠢᠯ ᠪᠠ ᠪᠤᠳᠤᠯᠳᠠ ᠶᠢᠨ ᠬᠦᠴᠦᠨ ᠤ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃     ᠴᠢ ᠹᠧᠢ ᠶᠦᠨ᠄ ᠥᠪᠥᠷ ᠮᠣᠩᠭᠤᠯ ᠤᠨ ᠲᠤᠭ᠎ᠠ ᠪᠠᠷᠢᠮᠲᠠ ᠶᠢᠨ ᠲᠥᠪ ᠤᠨ ᠦᠢᠯᠡᠴᠢᠯᠡᠭᠦᠷ ᠨᠢᠭᠡᠨᠲᠡ 260 ᠲᠦᠮᠡᠨ ᠰᠠᠤᠷᠢ ᠠᠵᠢᠯᠯᠠᠵᠤ᠂ ᠬᠤᠸᠠ ᠸᠧᠢ ᠶᠢᠨ ᠣᠶᠤᠨ ᠤ ᠪᠤᠳᠤᠯᠳᠠ ᠶᠢᠨ ᠲᠥᠪ ᠵᠡᠷᠭᠡ ᠮᠢᠩᠭᠠᠨ ᠳ᠋ᠦᠩᠰᠢᠭᠤᠷ ᠤᠨ ᠲᠠᠰ ᠤᠨ ᠴᠢᠬᠤᠯᠠ ᠶᠡᠭᠡ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠬᠤᠷᠢᠨᠭᠡᠷ ᠢᠶᠠᠷ ᠭᠤᠣᠯ ᠪᠣᠯᠭᠠᠭᠰᠠᠨ ᠶᠡᠷᠦᠩᠬᠡᠢ ᠬᠡᠯᠲᠡᠰ ᠤᠨ ᠲᠤᠭ᠎ᠠ ᠪᠠᠷᠢᠮᠲᠠ ᠶᠢᠨ ᠠᠵᠤ ᠦᠢᠯᠡᠰ ᠤᠨ ᠪᠦᠯᠦᠭᠯᠡᠯ᠂ ᠤᠯᠠᠭᠠᠨᠴᠠᠪ ᠢᠶᠠᠷ ᠭᠤᠣᠯ ᠪᠣᠯᠭᠠᠭᠰᠠᠨ ᠣᠶᠤᠨ ᠤ ᠪᠤᠳᠤᠯᠳᠠ ᠬᠡᠲᠦ ᠪᠤᠳᠤᠯᠳᠠ ᠶᠢᠨ ᠪᠤᠳᠤᠬᠤ ᠬᠦᠴᠦᠨ ᠢ ᠭᠠᠳᠠᠭᠰᠢ ᠭᠠᠷᠭᠠᠬᠤ ᠪᠠ ᠭᠠᠮᠰᠢᠭ ᠤᠨ ᠪᠡᠯᠡᠳᠬᠡᠯ ᠬᠠᠳᠠᠭᠠᠯᠠᠮᠵᠢ ᠶᠢᠨ ᠠᠵᠤ ᠦᠢᠯᠡᠰ ᠤᠨ ᠪᠦᠯᠦᠭᠯᠡᠯ ᠢ ᠪᠣᠶ ᠪᠣᠯᠭᠠᠵᠤ᠂ ︽ᠬᠠᠳᠠᠭᠠᠯᠠᠬᠤ︾ ᠪᠠ ︽ᠪᠤᠳᠤᠬᠤ︾ ᠶᠢ ᠵᠣᠬᠢᠴᠠᠩᠭᠤᠢ ᠪᠠᠷ ᠬᠥᠭᠵᠢᠭᠦᠯᠵᠦ᠂ ᠬᠠᠷᠢᠯᠴᠠᠨ ᠵᠤᠬᠢᠴᠠᠯᠳᠤᠪᠡ᠃ ᠤᠯᠠᠭᠠᠨᠴᠠᠪ ᠤᠨ ᠣᠶᠤᠨᠲᠤ ᠪᠤᠳᠤᠯᠳᠠ ᠭᠡᠳᠤ ᠪᠤᠳᠤᠯᠳᠠ ᠶᠢᠨ ᠪᠦᠯᠦᠭᠯᠡᠯ ᠢᠶᠠᠷ ᠵᠢᠱᠢᠶᠡᠯᠡᠪᠡᠯ᠂ ᠤᠯᠠᠭᠠᠨᠴᠠᠪ ᠤᠨ ᠳᠤᠭ᠎ᠠ ᠪᠠᠷᠢᠮᠳᠠ ᠶᠢᠨ ᠲᠥᠪ ᠤᠨ ᠦᠢᠯᠡᠴᠢᠯᠡᠭᠡᠨ ᠤ ᠮᠠᠰᠢᠨ 460 ᠲᠦᠮᠡ ᠳᠤ ᠬᠦᠷᠴᠦ᠂ ᠣᠳᠣᠬᠠᠨ ᠳᠤ ᠪᠤᠳᠤᠯᠳᠠ ᠶᠢᠨ ᠬᠦᠴᠦᠨ ᠤ ᠬᠡᠪᠴᠢᠶ᠎ᠡ ᠨᠢ 15000P ᠪᠠᠶᠢᠵᠤ᠂ ᠡᠭᠦᠨ ᠳᠤ ᠣᠶᠤᠨᠲᠤ ᠪᠤᠳᠤᠯᠳᠠ ᠶᠢᠨ ᠬᠦᠴᠦᠨ ᠤ ᠡᠵᠡᠯᠡᠬᠦ ᠬᠠᠷᠢᠴᠠᠯ ᠨᠢ 59% ᠠᠴᠠ ᠳᠡᠭᠡᠭᠰᠢᠬᠢ ᠶᠢ ᠡᠵᠡᠯᠡᠵᠦ᠂ ᠨᠠᠢᠮᠠᠨ ᠶᠡᠭᠡ ᠵᠠᠩᠭᠢᠯᠠᠭ᠎ᠠ᠂ ᠠᠷᠪᠠᠨ ᠶᠡᠭᠡ ᠪᠦᠯᠦᠭᠯᠡᠯ ᠤᠨ ᠡᠮᠦᠨ᠎ᠡ ᠡᠩᠨᠡᠭᠡᠨ ᠳᠤ ᠣᠷᠣᠵᠠᠢ᠃ ᠤᠯᠠᠭᠠᠨᠴᠠᠪ ︽ᠪᠡᠯᠡ ᠣᠷᠣᠭᠤᠯᠤᠯᠲᠠ ᠶᠢᠨ ᠲᠤᠭ᠎ᠠ ᠪᠠᠷᠢᠮᠲᠠ ᠶᠢᠨ ᠲᠥᠪ ᠲᠤ ᠬᠠᠮᠤᠭ ᠤᠨ ᠲᠣᠬᠢᠷᠠᠬᠤ ᠬᠤᠲᠠ ᠪᠠ ᠭᠠᠵᠠᠷ ᠣᠷᠣᠨ︾ ︽ᠲᠤᠭ᠎ᠠ ᠪᠠᠷᠢᠮᠲᠠ ᠶᠢᠨ ᠲᠥᠪ ᠤᠨ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠬᠤᠲᠠ︾ ᠪᠠᠷ ᠦᠨᠡᠯᠡᠭᠳᠡᠵᠦ᠂ ᠤᠯᠤᠰ ᠤᠨ ︽︿ᠵᠡᠭᠦᠨ ᠤ ᠳᠤᠭ᠎ᠠ ᠪᠠᠷᠢᠮᠳᠡ ᠶᠢ ᠪᠠᠷᠠᠭᠤᠨ ᠳᠤ ᠪᠤᠳᠤᠬᠤ﹀ ᠬᠡᠪ ᠳᠠᠭᠤᠷᠢᠶᠠᠯ︾ ᠪᠠ ︽ᠪᠤᠳᠤᠯᠳᠠ ᠶᠢᠨ ᠬᠦᠴᠦᠨ ᠤ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ︾ ᠶᠢᠨ ᠢᠷᠠᠭᠤ ᠠᠯᠳᠠᠷ ᠢ ᠭᠥᠷᠳᠡᠵᠦ᠂ ︽ᠡᠮᠦᠨᠡᠲᠦ ᠭᠦᠢᠶᠠᠩ ᠤᠮᠠᠷᠠᠲᠤ ᠤᠯᠠᠭᠠᠨᠴᠠᠪ · ᠲᠠᠯ᠎ᠠ ᠨᠤᠲᠤᠭ ᠤᠨ ᠡᠭᠦᠯᠡᠨ ᠬᠥᠨᠳᠡᠢ︾ ᠶᠢᠨ ᠨᠠᠷᠠᠲᠤ ᠲᠡᠮᠳᠡᠭᠲᠦ ᠶᠢ ᠪᠥᠬᠦ ᠲᠠᠯ᠎ᠠ ᠪᠠᠷ ᠡᠭᠦᠳᠦᠭᠰᠡᠨ ᠪᠠᠶᠢᠨ᠎ᠠ᠃     ᠴᠢ ᠹᠧᠢ ᠶᠦᠨ᠄ ᠤᠯᠠᠭᠠᠨᠴᠠᠪ ᠣᠲᠣ ᠶᠠᠭ ᠤᠯᠤᠰ ᠤᠨ ᠪᠣᠬᠢᠷᠲᠤᠯ ᠦᠭᠡᠢ ᠪᠤᠳᠤᠯᠳᠠ ᠶᠢᠨ ᠬᠦᠴᠦᠨ ᠤ ᠪᠠᠲᠤᠯᠠᠭ᠎ᠠ ᠶᠢᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠬᠥᠭᠵᠢᠯᠲᠡ ᠶᠢᠨ ᠳᠠᠪᠠᠭᠤᠯᠢᠭ ᠢ ᠪᠦᠷᠢᠳᠦᠭᠦᠯᠵᠦ ᠪᠠᠶᠢᠨ᠎ᠠ᠃ ᠨᠢᠭᠡ ᠳᠤ᠂ ᠭᠠᠵᠠᠷ ᠰᠢᠨᠵᠢᠯᠡᠭᠡ ᠲᠣᠭᠲᠠᠭᠤᠨ᠂ ᠠᠭᠤᠷ ᠠᠮᠢᠰᠬᠤᠯ ᠬᠦᠢᠲᠡᠨ ᠰᠡᠷᠢᠭᠦᠨ᠂ ᠪᠠᠶᠢᠭᠠᠯᠢ ᠶᠢᠨ ᠳᠠᠪᠠᠭᠤᠯᠢᠭ ᠲᠠᠢ︔ ᠬᠤᠶᠠᠷ ᠲᠤ ᠥᠩᠭᠡ ᠦᠵᠡᠮᠵᠢ ᠡᠯᠪᠡᠭ ᠳᠡᠯᠪᠡᠭ᠂ ᠪᠤᠬᠢᠷᠳᠤᠯ ᠦᠬᠡᠢ ᠴᠠᠬᠢᠯᠭᠠᠨ ᠡᠯᠪᠡᠭ ᠳᠡᠯᠪᠡᠭ ᠪᠠᠶᠢᠵᠤ᠂ ᠪᠣᠬᠢᠷᠲᠤᠯ ᠦᠭᠡᠢ ᠪᠠ ᠥᠪᠡᠷ ᠤᠨ ᠥᠷᠲᠡᠭ ᠤᠨ ᠳᠠᠪᠠᠭᠤᠯᠢᠭ ᠲᠠᠢ ᠪᠠᠶᠢᠳᠠᠭ︔ ᠭᠤᠷᠪᠠ ᠳᠤ ᠴᠠᠭ ᠤᠨ ᠤᠷᠲᠤᠳᠬᠠᠯ ᠨᠢ ᠲᠤᠶᠢᠯ ᠤᠨ ᠣᠬᠤᠷ᠂ ᠵᠠᠬ᠎ᠠ ᠳᠡᠯᠭᠡᠭᠦᠷ ᠲᠠᠢ ᠣᠶᠢᠷᠠᠳᠴᠤ᠂ ᠬᠡᠯᠬᠢᠶᠡᠳᠦ ᠵᠠᠮ ᠤᠨ ᠳᠠᠪᠠᠭᠤᠯᠢᠭ ᠲᠠᠢ︔ ᠳᠥᠷᠪᠡ ᠳᠤ ᠦᠳᠲᠡᠷ ᠲᠦᠷᠭᠡᠨ ᠬᠥᠭᠵᠢᠵᠦ᠂ ᠬᠤᠷᠠᠨ ᠴᠤᠭᠯᠠᠷᠠᠭᠠᠳ ᠠᠵᠤ ᠦᠢᠯᠡᠰ ᠤᠨ ᠳᠠᠪᠠᠭᠤᠯᠢᠭ ᠲᠠᠢ ᠪᠣᠯᠪᠠ᠃     ᠴᠢ ᠹᠧᠢ ᠶᠦᠨ᠄ ᠡᠨᠡ ᠵᠢᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠪᠥᠬᠦ ᠪᠦᠯᠬᠦᠮ ᠤᠨ ᠰᠠᠨᠠᠭᠤᠯᠭ᠎ᠠ ᠪᠣᠯ ᠥᠪᠥᠷ ᠮᠣᠩᠭᠤᠯ ᠢ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠠᠵᠢᠭᠯᠠᠭᠴᠢ ᠪᠣᠯᠭᠠᠬᠤ ᠶᠢ ᠲᠦᠯᠬᠢᠨ ᠠᠬᠢᠭᠤᠯᠬᠤ ᠶᠠᠪᠤᠳᠠᠯ ᠪᠣᠯᠣᠨ᠎ᠠ᠃ ᠡᠨᠡ ᠵᠢᠯ᠂ ᠤᠯᠠᠭᠠᠨᠴᠠᠪ ᠬᠤᠲᠠ ᠶᠢᠨ  ᠬᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠭᠤᠣᠯᠳᠠᠯᠭ᠎ᠠ ᠲᠠᠢ ᠪᠠᠶᠢᠷᠢᠯᠠᠭᠤᠯᠬᠤ ᠠᠵᠠ ᠲᠣᠬᠢᠶᠠᠯ ᠢ ᠴᠢᠩᠭ᠎ᠠ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠬᠥᠭᠵᠢᠯᠲᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠲᠣᠭᠠᠴᠢᠯᠠᠯᠲᠠ ᠪᠠ ᠲᠣᠭᠠᠴᠢᠯᠠᠭᠰᠠᠨ ᠠᠵᠤ ᠦᠶᠢᠯᠡᠰᠵᠢᠯᠲᠡ ᠶᠢ ᠲᠦᠷᠭᠡᠳᠬᠡᠨ᠎ᠡ︔ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠡᠭᠡᠳᠦ ᠳᠡᠰ ᠤᠨ  ᠪᠤᠳᠤᠯᠳᠠ ᠶᠢᠨ ᠬᠦᠴᠦᠨ ᠤ ᠰᠠᠭᠤᠷᠢ ᠲᠥᠬᠦᠭᠡᠷᠦᠮᠵᠢ ᠶᠢ ᠢᠳᠡᠪᠬᠢᠲᠡᠢ ᠪᠠᠶᠢᠷᠢᠯᠠᠭᠤᠯᠵᠤ᠂ ︽ᠪᠣᠬᠢᠷᠲᠤᠯ ᠦᠭᠡᠢ ᠪᠤᠳᠤᠯᠳᠠ ᠶᠢᠨ ᠬᠦᠴᠦᠨ ᠤ ᠪᠡᠭᠡᠵᠢᠩ ᠳᠤ ᠣᠷᠣᠬᠤ︾ ᠠᠵᠢᠯᠯᠠᠭ᠎ᠠ ᠶᠢ ᠪᠦᠬᠦ ᠲᠠᠯ᠎ᠠ  ᠪᠠᠷ ᠬᠡᠷᠡᠭᠵᠢᠭᠦᠯᠵᠦ᠂ ᠪᠣᠬᠢᠷᠲᠤᠯ ᠦᠭᠡᠢ ᠥᠨᠳᠥᠷ ᠪᠦᠲᠦᠮᠵᠢᠲᠡᠢ ᠨᠡᠶᠢᠳᠡᠮ ᠠᠰᠢᠭ ᠬᠦᠷᠲᠡᠭᠡᠬᠦ ᠴᠢᠨᠠᠷ ᠰᠠᠶᠢᠲᠠᠢ ᠪᠤᠳᠤᠯᠳᠠ ᠶᠢᠨ ᠬᠦᠴᠦᠨ ᠤ ᠦᠢᠯᠡᠴᠢᠯᠡᠭᠡ ᠶᠢ ᠲᠠᠰᠤᠷᠠᠯᠳᠡ ᠦᠭᠡᠢ ᠬᠠᠩᠭᠠᠵᠤ᠂ ᠵᠦᠩ ᠭᠤᠸᠠᠨ ᠼᠦᠨ ᠤ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠶᠢᠨ ᠬᠡᠷᠡᠭᠴᠡᠭᠡ ᠶᠢ ᠬᠦᠴᠦᠯᠡᠨ ᠲᠤᠯᠭᠠᠭᠤᠷᠢᠯᠠᠵᠤ᠂ ᠳᠡᠭᠡᠳᠦ ᠬᠤᠷᠳᠤᠴᠠ ᠪᠠᠷ ᠥᠷᠭᠡᠵᠢᠭᠰᠡᠨ᠂ ᠡᠭᠦᠯᠡᠨ ᠲᠣᠣᠷ ᠠᠭᠤᠰᠤᠯᠴᠠᠭᠰᠠᠨ᠂ ᠣᠶᠤᠨᠴᠢ ᠪᠤᠰᠢᠭᠤ ᠱᠠᠯᠠᠮᠠᠭᠠᠢ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠤᠭᠰᠠᠨ᠂ ᠠᠮᠤᠷ ᠲᠦᠪᠰᠢᠨ ᠡᠵᠡᠮᠳᠡᠵᠦ ᠪᠣᠯᠬᠤ ᠪᠦᠬᠦ ᠤᠯᠤᠰ ᠤᠨ ᠬᠠᠮᠤᠭ ᠤᠨ ᠬᠦᠴᠦᠷᠬᠡᠭ ᠪᠣᠬᠢᠷᠲᠤᠯ ᠦᠭᠡᠢ ᠪᠤᠳᠤᠯᠳᠠ ᠶᠢᠨ ᠬᠦᠴᠦᠨ ᠤ ᠪᠠᠲᠤᠯᠠᠭ᠎ᠠ ᠶᠢᠨ ᠰᠠᠭᠤᠷᠢᠨ ᠢ ᠪᠠᠶᠢᠭᠤᠯᠵᠤ᠂ ᠬᠤᠷᠢᠨᠭᠡᠷ ᠲᠠᠢ ᠬᠠᠮᠲᠤ ᠪᠠᠷ ︽ᠵᠡᠭᠦᠨ ᠤ ᠳᠤᠭ᠎ᠠ ᠪᠠᠷᠢᠮᠳᠠ ᠶᠢ ᠪᠠᠷᠠᠭᠤᠨ ᠳᠤ ᠪᠣᠳᠣᠬᠤ︾ ᠶᠢᠨ ᠢᠨᠵᠧᠨᠧᠷᠢᠩ᠂ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠥᠪᠥᠷ ᠮᠣᠩᠭᠤᠯ ᠤᠨ ᠬᠦᠴᠦᠨ ᠴᠢᠳᠠᠯ ᠢ ᠨᠡᠮᠡᠷᠢᠯᠡᠨ᠎ᠡ᠃     ᠴᠢ ᠹᠧᠢ ᠶᠦᠨ ᠰᠠᠨᠠᠭᠤᠯᠤᠭᠰᠠᠨ ᠨᠢ᠄ ᠥᠪᠥᠷ ᠮᠣᠩᠭᠤᠯ ᠤᠨ ︽ᠪᠣᠬᠢᠷᠲᠤᠯ ᠦᠭᠡᠢ ᠪᠤᠳᠤᠯᠳᠠ ᠶᠢᠨ ᠬᠦᠴᠦᠨ ᠢ ᠪᠡᠭᠡᠵᠢᠩ ᠳᠤ ᠣᠷᠣᠭᠤᠯᠬᠤ︾ ᠠᠵᠢᠯᠯᠠᠭ᠎ᠠ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠨᠢᠭᠡ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠲᠣᠮᠣ ᠳ᠋ᠠᠶᠢᠲ᠋ᠠ ᠶᠢᠨ ᠲᠣᠪᠴᠢᠶ᠎ᠠ ᠠᠴᠠ ᠤᠯᠠᠭᠠᠨᠴᠠᠪ ᠬᠤᠲᠠ ᠶᠢᠨ ᠣᠯᠠᠨ ᠡᠭᠦᠯᠡᠨ ᠪᠤᠳᠤᠯᠳᠠ ᠶᠢᠨ ᠬᠦᠴᠦᠨ ᠢ ᠨᠢᠭᠡ ᠴᠣᠭᠴᠠᠵᠢᠭᠤᠯᠤᠨ ᠲᠣᠬᠢᠷᠠᠭᠤᠯᠬᠤ ᠲᠠᠪᠴᠠᠩ ᠢ ᠪᠡᠭᠡᠵᠢᠩ ᠲᠢᠶᠠᠨᠵᠢᠨ ᠾᠧᠪᠧᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠰᠢᠯᠭᠠᠨ ᠪᠠᠲᠤᠯᠠᠬᠤ ᠲᠠᠪᠴᠠᠩ ᠳᠤ ᠣᠷᠣᠭᠤᠯᠬᠤ ᠶᠢ ᠳᠡᠮᠵᠢᠬᠦ ᠶᠢ ᠬᠦᠰᠡᠵᠦ ᠪᠠᠶᠢᠨ᠎ᠠ︔ ᠬᠤᠶᠠᠷ ᠲᠤ᠂ ᠤᠯᠠᠭᠠᠨᠴᠠᠪ ᠵᠢᠴᠢ ᠬᠤᠷᠢᠨᠭᠡᠷ ᠤᠨ AI ᠪᠤᠳᠤᠯᠳᠠ ᠶᠢᠨ ᠬᠦᠴᠦᠨ ᠤ ᠬᠡᠷᠡᠭᠯᠡᠭᠡᠨ ᠤ ᠲᠤᠭ᠎ᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ ᠳᠡᠮᠵᠢᠵᠦ᠂ ᠪᠡᠭᠡᠵᠢᠩ ᠢᠶᠠᠷ ᠬᠥᠲᠥᠴᠢ ᠬᠤᠲᠠ ᠪᠣᠯᠭᠠᠭᠰᠠᠨ ᠪᠡᠭᠡᠵᠢᠩ ᠲᠢᠶᠠᠨᠵᠢᠨ ᠾᠧᠪᠧᠢ ᠶᠢᠨ ᠣᠷᠣᠨ ᠪᠦᠰᠡ ᠶᠢᠨ ᠳᠡᠭᠡᠳᠦ ᠴᠢᠳᠠᠪᠬᠢᠲᠤ ᠪᠤᠳᠤᠯᠳᠠ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠵᠠᠯᠭᠠᠨ ᠠᠪᠴᠤ᠂ ᠬᠠᠳᠠᠭᠠᠯᠠᠬᠤ ᠪᠤᠳᠤᠬᠤ ᠳᠠᠮᠵᠢᠭᠤᠯᠬᠤ ᠶᠢ ᠨᠢᠭᠡ ᠴᠣᠭᠴᠠᠵᠢᠭᠤᠯᠬᠤ ᠦᠢᠯᠡᠴᠢᠯᠡᠭᠡ ᠬᠠᠩᠭᠠᠨ᠎ᠠ᠃                            ᠵᠣᠬᠢᠶᠠᠭᠴᠢ᠄ ᠵᠠᠩ ᠢᠦᠢ ᠰᠢᠸ  ᠯᠢᠦ ᠽᠧ                                                    ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2