ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶ᠎ᠠ ᠶᠢᠨ ᠳᠠᠷᠤᠭ᠎ᠠ ᠯᠢ ᠶᠦᠨ ᠽᠧ ᠤᠯᠠᠭᠠᠨᠴᠠᠪ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/10
    4 ᠰᠠᠷ᠎ᠠ ᠶᠢᠨ 8 ᠤ ᠡᠳᠦᠷ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶ᠎ᠠ ᠶᠢᠨ ᠳᠠᠷᠤᠭ᠎ᠠ ᠯᠢ ᠶᠦᠨ ᠽᠧ ᠮᠠᠨ ᠤ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠪᠠ᠃     ᠯᠢ ᠶᠦᠨ ᠽᠧ ᠨᠠᠷ ᠤᠷᠢᠳ ᠬᠤᠵᠢᠳ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳ᠋ᠠ ᠯᠢᠦ ᠬᠤᠤ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠦᠷᠢᠶᠡᠯᠡᠩ᠂ ᠪᠣᠩᠬᠤᠨ ᠪᠠᠯᠭᠠᠰᠤ ᠶᠢᠨ ᠱᠢ ᠮᠧᠨ ᠺᠸᠦ ᠲᠣᠰᠬᠤᠨ ᠳᠤ ᠬᠦᠷᠴᠦ᠂ ᠠᠵᠤ ᠦᠢᠯᠡᠰ ᠤᠨ ᠬᠦᠷᠢᠶᠡᠯᠡᠩ ᠤᠨ ᠦᠨᠦᠷᠲᠦ ᠰᠢᠯᠦᠬᠡᠢ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠦᠢᠯᠡᠳᠪᠦᠷᠢᠯᠡᠯ ᠤᠨ ᠱᠤᠭᠤᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠶᠡᠷᠦᠩᠬᠡᠢ ᠲᠣᠪᠴᠢᠶ᠎ᠠ ᠶᠢᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠲᠣᠬᠤᠨᠢᠭᠤᠯᠵᠤ᠂ ᠲᠣᠰᠬᠤᠨ ᠤ ᠠᠷᠠᠳ ᠤᠨ ᠨᠡᠭᠦᠳᠡᠯ ᠪᠠᠩᠬᠢ ᠶᠢᠨ ᠮᠠᠰᠢᠨ ᠲᠡᠷᠭᠡ ᠪᠠᠷ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ ᠪᠠᠶᠢᠭ᠎ᠠ ᠪᠠᠶᠢᠳᠠᠯ ᠢ ᠲᠤᠬᠠᠢ ᠶᠢᠨ ᠲᠠᠯᠠᠪᠠᠢ ᠳᠤ ᠣᠶᠢᠯᠠᠭᠠᠪᠠ᠃     ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨᠠᠨ ᠬᠠᠮᠢᠶᠠᠷᠬᠤ ᠰᠠᠯᠪᠤᠷᠢ ᠲᠣᠪᠴᠢᠶ᠎ᠠ ᠳᠤ ᠯᠢ ᠶᠦᠨ ᠽᠧ ᠫᠠᠶᠢᠰᠠ ᠰᠡᠬᠦᠬᠦ ᠶᠣᠰᠣᠯᠠᠯ ᠳᠤ ᠣᠷᠣᠯᠴᠠᠵᠠᠢ᠃ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠰᠢᠶᠠᠨ ᠤ ᠬᠡᠪᠴᠢᠶᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ᠨᠢᠭᠡᠳᠦᠯᠲᠡᠢ ᠫᠠᠶᠢᠰᠠ ᠡᠯᠭᠦᠭᠰᠡᠨ ᠨᠢ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠰᠢᠰᠲ᠋ᠧᠮ ᠤᠨ ︽ᠳᠥᠷᠪᠡᠨ ᠱᠠᠲᠤ ᠪᠠᠷ ᠬᠠᠮᠢᠶᠠᠷᠬᠤ︾ ᠪᠦᠲᠦᠴᠡ ᠵᠢᠩᠬᠢᠨᠢ ᠪᠠᠷ ᠪᠠᠶᠢᠭᠤᠯᠤᠭᠳᠠᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠯᠠᠮ ᠨᠢᠭᠡ ᠠᠯᠬᠤᠮ ᠲᠡᠭᠦᠯᠳᠡᠷᠵᠢᠵᠦ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠴᠢᠬᠤᠯᠠ ᠠᠬᠢᠯᠲᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠣᠷᠣᠯᠴᠠᠪᠠ᠃                                                  ᠣᠷᠴᠢᠭᠤᠯᠤᠭᠴᠢ᠄ ᠭᠤᠸ᠎ᠠ                                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2