ᠮᠠᠨ ᠤ ᠬᠤᠲᠠ ᠶᠢᠨ ᠰᠣᠶᠣᠯ ᠵᠤᠭᠠᠴᠠᠯ ᠢ ᠠᠭᠤᠰᠤᠯᠴᠠᠭᠤᠯᠤᠨ ᠴᠢᠨᠠᠷ ᠰᠠᠶᠢᠲᠠᠢ ᠬᠥᠭᠵᠢᠭᠦᠯᠬᠦ ᠠᠵᠢᠯ ᠢ ᠠᠬᠢᠭᠤᠯᠬᠤ ᠬᠤᠷᠠᠯ ᠤᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠠᠵᠢᠯᠯᠠᠭ᠎ᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠣᠷᠣᠪᠠ
ᠨᠡᠶᠢᠲᠡᠯᠡᠭᠰᠡᠨ ᠴᠠᠭ᠄
2024/4/10
    4 ᠰᠠᠷ᠎ᠠ ᠶᠢᠨ 8  ᠤ ᠡᠳᠦᠷ᠂ ᠤᠯᠠᠭᠠᠨᠴᠠᠪ ᠬᠤᠳᠠ ᠶᠢᠨ ᠰᠣᠶᠣᠯ ᠵᠤᠭᠠᠴᠠᠯ ᠢ ᠠᠭᠤᠰᠤᠯᠴᠠᠭᠤᠯᠤᠨ ᠴᠢᠨᠠᠷ ᠰᠠᠶᠢᠲᠠᠢ ᠬᠥᠭᠵᠢᠭᠦᠯᠬᠦ ᠠᠵᠢᠯ ᠢ ᠠᠬᠢᠭᠤᠯᠬᠤ ᠬᠤᠷᠠᠯ ᠤᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠠᠵᠢᠯᠯᠠᠭ᠎ᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠶᠠᠪᠤᠭᠳᠠᠵᠤ᠂ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠰᠦᠪᠡᠭᠴᠢᠯᠡᠵᠦ᠂ ᠪᠦᠬᠦ ᠣᠷᠣᠨ ᠪᠦᠰᠡ ᠶᠢᠨ ᠵᠤᠭᠠᠴᠠᠯ ᠤᠨ ᠰᠢᠨ᠎ᠡ ᠬᠠᠭᠤᠳᠠᠰᠤ ᠶᠢ ᠵᠢᠷᠤᠭᠯᠠᠪᠠ᠃ ᠬᠤᠳᠠ ᠶᠢᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠣᠭᠤᠷᠢᠨ ᠦᠵᠡᠬᠦ ᠠᠵᠢᠯᠯᠠᠭ᠎ᠠ ᠳᠤ ᠣᠷᠣᠯᠴᠠᠪᠠ᠃     ᠲᠣᠭᠤᠷᠢᠨ ᠦᠵᠡᠬᠦ ᠳᠤᠭᠤᠶᠢᠯᠠᠩ ᠤᠨ ᠬᠢᠨ ᠤᠷᠢᠳ ᠬᠤᠵᠢᠳ ᠡᠮᠦᠨᠡᠲᠦ ᠶᠢᠨ ᠵᠤᠭᠠᠴᠠᠭᠰᠠᠳ ᠤᠨ ᠦᠢᠯᠡᠴᠢᠯᠡᠭᠡᠨ ᠤ ᠲᠥᠪ᠂ ᠸᠠᠩᠱᠠᠨ ᠠᠷᠠᠳ ᠤᠨ ᠰᠠᠭᠤᠴᠠ᠂ ᠢ ᠯᠠᠨ ᠰᠢᠤᠸᠠᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠠᠷᠠᠳ ᠤᠨ ᠰᠠᠭᠤᠴᠠ᠂ ᠳ᠋ᠦᠩ ᠯᠢ ᠠᠷᠠᠳ ᠤᠨ ᠰᠠᠭᠤᠴᠠ᠂ ᠢ ᠮᠧᠩ ᠢ ᠮᠤ᠋ ᠠᠷᠠᠳ ᠤᠨ ᠰᠠᠭᠤᠴᠠ᠂ ᠾᠧ ᠮᠧᠢ ᠰᠢᠶᠠᠩ ᠼᠦᠨ ᠰᠣᠶᠣᠯ ᠤᠨ ᠦᠢᠯᠡᠰ ᠪᠣᠰᠬᠠᠬᠤ ᠬᠦᠷᠢᠶᠡᠯᠡᠩ ᠪᠣᠯᠣᠨ ᠠᠷᠠᠳ ᠤᠨ ᠰᠠᠭᠤᠴᠠ ᠶᠢᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠠᠵᠠᠷ ᠰᠣᠩᠭᠤᠬᠤ ᠭᠠᠵᠠᠷ ᠲᠤ ᠬᠦᠷᠴᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠲᠠᠨᠢᠯᠴᠠᠭᠤᠯᠭ᠎ᠠ ᠶᠢ ᠰᠣᠨᠣᠰᠬᠤ ᠪᠠᠷ ᠳᠠᠮᠵᠢᠭᠤᠯᠤᠨ᠂ ᠦᠵᠡᠮᠵᠢ ᠶᠢᠨ ᠣᠷᠣᠨ ᠤ ᠦᠨᠳᠦᠰᠦᠨ ᠪᠠᠶᠢᠳᠠᠯ᠂ ᠦᠵᠡᠮᠵᠢ ᠶᠢᠨ ᠣᠷᠣᠨ ᠤ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠪᠠᠶᠢᠳᠠᠯ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠪᠠ ᠬᠡᠪᠴᠢᠶᠡᠵᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠾᠧ ᠮᠸᠢ ᠰᠢᠶᠠᠩ ᠼᠦᠨ ᠰᠣᠶᠣᠯ ᠤᠨ ᠦᠢᠯᠡᠰ ᠪᠤᠰᠬᠠᠬᠤ ᠬᠦᠷᠢᠶᠡᠯᠡᠩ ᠪᠠ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠦᠪᠵᠢᠭᠦᠯᠭᠡ ᠶᠢᠨ ᠠᠬᠢᠴᠠ ᠶᠢᠨ ᠪᠠᠶᠢᠳᠠᠯ ᠵᠡᠷᠭᠡ ᠶᠢ ᠲᠣᠰ ᠲᠣᠰ ᠨᠠᠷᠢᠨ ᠣᠶᠢᠯᠠᠭᠠᠪᠠ᠃                                                                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2