ᠴᠢ ᠹᠧᠢ ᠶᠦᠨ ᠰᠢᠩ ᠾᠧ ᠰᠢᠶᠠᠨ ᠳᠤ ᠭᠦᠨᠵᠡᠭᠡᠶᠢᠷᠡᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠰᠢᠨ᠎ᠡ ᠡᠨᠧᠷᠭᠢ ᠪᠠ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠣᠶ ᠰᠢᠭᠤᠢ ᠨᠠᠭᠤᠷ ᠲᠣᠭᠤᠷᠢᠮ ᠢᠶᠠᠷ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/11
    4 ᠰᠠᠷ᠎ᠠ ᠶᠢᠨ 9 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠧᠢ ᠶᠦᠨ ᠰᠢᠩ ᠾᠧ ᠰᠢᠶᠠᠨ ᠳᠤ ᠭᠦᠨᠵᠡᠭᠡᠶᠢᠷᠡᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠰᠢᠨ᠎ᠡ ᠡᠨᠧᠷᠭᠢ ᠪᠣᠯᠣᠨ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠤᠢ ᠰᠢᠭᠤᠢ ᠨᠠᠭᠤᠷ ᠲᠣᠭᠤᠷᠢᠮ ᠢᠶᠠᠷ ᠲᠣᠭᠤᠷᠢᠨ ᠪᠠᠶᠢᠴᠠᠭᠠᠵᠠᠢ᠃     ᠰᠢᠩ ᠮᠦ ᠭᠤᠤ ᠺᠧ ᠵᠠᠭᠤᠨ ᠲᠦᠮᠡᠨ ᠠᠯᠠᠰᠢᠨ ᠬᠤᠨᠢ ᠶᠢᠨ ᠬᠠᠷᠢᠯᠴᠠᠨ ᠨᠥᠬᠦᠪᠦᠷᠢᠯᠡᠬᠦ‍ ᠨᠢᠭᠡ ᠴᠣᠭᠴᠠᠲᠤ ᠮᠠᠶ᠋ᠢᠭ ᠤᠨ ᠨᠡᠭᠦᠷᠡᠰᠦᠲᠥ᠋ᠷᠥᠭᠴᠢ ᠪᠠᠭ᠎ᠠ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠦᠷᠢᠶᠡᠯᠡᠩ ᠳᠤ᠂ ᠴᠢ ᠹᠧᠢ ᠶᠦᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠪᠣᠷᠤᠯᠠᠭᠤᠯᠭ᠎ᠠ ᠶᠢᠨ ᠠᠷᠭ᠎ᠠ ᠵᠠᠮ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠯᠠᠭᠠᠨᠴᠠᠪ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠡᠭᠡᠵᠢᠩ ᠳᠤ ᠣᠷᠣᠵᠤ ᠪᠣᠷᠣᠯᠠᠭᠤᠯᠬᠤ ᠠᠷᠭ᠎ᠠ ᠵᠠᠮ ᠢ ᠴᠢᠨᠠᠭᠰᠢᠳᠠ ᠥᠷᠭᠡᠳᠬᠡᠵᠦ᠂ ᠪᠦᠬᠦ ᠤᠯᠤᠰ ᠤᠨ ᠵᠠᠬ᠎ᠠ ᠳᠡᠯᠭᠡᠭᠦᠷ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠬᠡᠷᠡᠭᠲᠡᠢ᠃ ︽ᠲᠦᠷᠦᠯ ᠵᠦᠢᠯ ᠤᠨ ᠬᠠᠮᠢᠶᠠᠷᠤᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷᠳᠡᠯ ᠪᠣᠯᠣᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠶᠠᠰᠤ ᠴᠢᠨᠠᠷ ᠪᠣᠯᠣᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃     ᠱᠠᠩ ᠫᠢᠨ ᠢᠦ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠳᠤ᠂ ᠴᠢ ᠹᠧᠢ ᠶᠦᠨ ᠡᠵᠡᠩᠨᠡᠯᠲᠡ ᠠᠵᠢᠯᠯᠠᠭ᠎ᠠ᠂ ᠬᠥᠳᠡᠭᠡ ᠠᠵᠤ ᠠᠬᠤᠢ ᠲᠠᠢ ᠬᠤᠯᠪᠤᠭᠠᠯᠠᠨ ᠬᠥᠳᠡᠭᠡ ᠠᠵᠤ ᠠᠬᠤᠢ ᠶᠢ ᠳᠠᠶᠢᠴᠢᠯᠠᠬᠤ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠵᠣᠭᠰᠣᠭᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠥᠬᠦᠭᠡᠷᠦᠮᠵᠢᠲᠦ ᠲᠠᠷᠢᠶᠠᠯᠠᠩ ᠢ ᠬᠦᠴᠦᠯᠡᠨ ᠬᠥᠭᠵᠢᠭᠦᠯᠵᠦ᠂ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠬᠡᠯᠡᠪᠡ᠃     ᠬᠠᠢ ᠲᠠᠢ ᠰᠢᠨ ᠨᠧᠩ ︵ᠰᠢᠩ ᠾᠧ︶ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠳᠤ᠂ ᠴᠢ ᠹᠧᠢ ᠶᠦᠨ ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯᠯᠠᠭᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠠᠵᠤ ᠦᠢᠯᠡᠰ ᠤᠨ ᠬᠡᠯᠬᠢᠶ᠎ᠡ ᠶᠢ ᠳᠠᠰᠤᠷᠠᠯᠳᠠ ᠦᠭᠡᠢ ᠤᠷᠲᠤᠳᠬᠠᠨ ᠨᠥᠬᠦᠪᠦᠷᠢᠯᠡᠵᠦ᠂ ᠠᠵᠢᠯᠯᠠᠭᠤᠯᠵᠤ ᠪᠠᠲᠤᠯᠠᠬᠤ ᠦᠢᠯᠡᠴᠢᠯᠡᠭᠡᠨ ᠤ ᠦᠢᠯᠡᠰ ᠢ ᠢᠳᠡᠪᠬᠢᠲᠡᠢ ᠬᠥᠭᠵᠢᠭᠦᠯᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃     ᠴᠠᠷ ᠨᠠᠭᠤᠷ ᠪᠣᠯᠣᠨ ᠰᠤᠮᠤᠨ ᠠᠭᠤᠯᠠ ᠶᠢᠨ ᠰᠢᠭᠤᠢ ᠶᠢᠨ ᠲᠠᠯᠠᠪᠠᠢ ᠳᠤ᠂ ᠴᠢ ᠹᠧᠢ ᠶᠦᠨ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠪᠣᠯᠣᠨ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ᠂ ᠡᠳᠦᠷ ᠲᠤᠳᠤᠮ ᠤᠨ ᠲᠣᠭᠤᠷᠢᠨ ᠬᠠᠮᠠᠭᠠᠯᠠᠬᠤ ᠵᠡᠷᠭᠡ ᠠᠵᠢᠯ ᠢ ᠨᠠᠷᠢᠨ ᠣᠶᠢᠯᠠᠭᠠᠪᠠ᠃ ᠲᠡᠷᠡ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠴᠢᠩᠭᠠᠳᠬᠠᠵᠤ᠂ ᠤᠰᠤᠨ ᠤ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠪᠣᠯᠣᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠶᠢᠨ ᠬᠠᠷᠢᠴᠠᠭ᠎ᠠ ᠶᠢ ᠵᠥᠪ ᠢᠶᠠᠷ ᠰᠠᠶᠢᠲᠤᠷ ᠰᠢᠢᠳᠪᠦᠷᠢᠯᠡᠵᠦ᠂ ᠬᠤᠭ ᠨᠣᠪᠰᠢ ᠶᠢ ᠲᠦᠷᠦᠯ ᠬᠤᠪᠢᠶᠠᠬᠤ ᠪᠠ ᠴᠡᠪᠡᠷᠯᠡᠨ ᠲᠡᠭᠡᠭᠡᠪᠦᠷᠢᠯᠡᠵᠦ ᠰᠢᠢᠳᠪᠦᠷᠢᠯᠡᠬᠦ᠂ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠬᠤ ᠵᠡᠷᠭᠡ ᠣᠷᠴᠢᠨ ᠠᠬᠤᠢ ᠶᠢ ᠭᠤᠶᠣᠵᠢᠭᠤᠯᠬᠤ ᠠᠵᠢᠯ ᠢ ᠰᠠᠶᠢᠲᠤᠷ ᠬᠢᠵᠦ᠂ ᠠᠮᠢ ᠠᠬᠤᠢ ᠶᠢᠨ ᠵᠢᠭᠤᠯᠴᠢᠯᠠᠯ ᠤᠨ ᠶᠡᠭᠡ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠬᠡᠯᠡᠪᠡ᠃      ᠹᠠᠩ ᠽᠧ ᠣᠷᠣᠯᠴᠠᠪᠠ᠃                                          ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2