ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠳᠤᠯᠬᠤ ᠪᠠᠷ ᠳᠡᠮᠵᠢᠨ᠂ ᠳᠤᠤᠷ᠎ᠠ ᠬᠤᠰᠢᠭᠤ | ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠳᠤ ᠲᠣᠮᠢᠯᠠᠬᠤ ᠪᠠᠷ ᠪᠠᠶᠢᠭ᠎ᠠ 1 ᠺᠠᠳ᠋ᠷ ᠢ ᠵᠠᠷᠯᠠᠨ | ᠨᠡᠶᠢᠲᠡᠯᠡᠬᠦ ᠪᠠᠷ ᠲᠣᠭᠲᠠᠪᠠ᠃ | ᠨᠢᠭᠡ᠂ ᠵᠠᠷᠯᠠᠨ ᠨᠡᠶᠢᠲᠡᠯᠡᠬᠦ ᠨᠡᠷ᠎ᠡ | ᠯᠢ ᠶᠢᠩ᠂ ᠡᠮᠡᠭᠲᠡᠢ᠂ ᠬᠢᠲᠠᠳ ᠦᠨᠳᠦᠰᠦᠲᠡᠨ᠂ 1972 ᠣᠨ ᠤ 11 ᠰᠠᠷ᠎ᠠ ᠳᠤ ᠳᠦᠷᠦᠵᠡᠶ᠂ ᠲᠥᠪ ᠤᠨ | ᠨᠠᠮ ᠤᠨ ᠰᠤᠷᠭᠠᠭᠤᠯᠢ ᠶᠢᠨ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ | ᠹᠧᠩᠵᠧᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠨᠢᠭᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠤ ᠨᠠᠮ ᠤᠨ ᠬᠤᠷᠢᠶᠠᠨ ᠤ ᠱᠦᠵᠢ ᠶᠢᠨ | ᠲᠤᠰᠢᠶᠠᠯ ᠳᠤ ᠲᠣᠮᠢᠯᠠᠬᠤ ᠪᠠᠷ ᠪᠣᠶ᠃ | ᠬᠤᠶᠠᠷ᠂ ᠵᠠᠷᠯᠠᠨ ᠨᠡᠶᠢᠲᠡᠯᠡᠬᠦ ᠴᠠᠭ | ᠵᠠᠷᠯᠠᠨ ᠨᠡᠶᠢᠲᠡᠯᠡᠬᠦ ᠴᠠᠭ ᠨᠢ 2024 ᠣᠨ ᠤ 3 ᠰᠠᠷ᠎ᠠ ᠶᠢᠨ 23 ᠤ ᠡᠳᠦᠷ ᠠᠴᠠ 2024 ᠣᠨ ᠤ 3 | ᠰᠠᠷ᠎ᠠ ᠶᠢᠨ 29 ᠤ ᠡᠳᠦᠷ ᠪᠣᠯᠲᠠᠯ᠎ᠠ᠃ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠢ ᠪᠣᠯᠣᠨ ᠬᠤᠪᠢ ᠬᠥᠮᠥᠨ ᠤᠳᠠᠰᠤᠳᠠᠬᠤ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ᠂ ᠰᠦᠯᠵᠢᠶ᠎ᠡ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠳᠡᠭᠡᠷ᠎ᠡ ᠳᠤᠷᠠᠳᠤᠭᠰᠠᠨ ᠵᠠᠷᠯᠠᠭᠰᠠᠨ ᠡᠲᠡᠭᠡᠳ ᠤᠨ ᠬᠤᠯᠪᠣᠭᠳᠠᠯ ᠪᠦᠬᠦᠢ | ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ | ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ | ᠵᠢᠴᠢ ᠲᠣᠰ ᠬᠥᠮᠥᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠢ | ᠵᠡᠷᠭᠡ ᠮᠡᠳᠡᠭᠡ ᠵᠠᠩᠭᠢ ᠶᠢ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ | ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ | ᠲᠤᠰᠬᠠᠨ᠎ᠠ᠃ | ᠬᠦᠯᠢᠶᠡᠨ ᠠᠪᠬᠤ ᠴᠠᠭ᠄ ᠠᠵᠢᠯᠯᠠᠬᠤ ᠡᠳᠦᠷ | ᠦᠳᠡ ᠶᠢᠨ ᠡᠮᠦᠨ᠎ᠡ᠄ 9᠄ 00 ︱ 12᠄ 00 | ᠦᠳᠡ ᠶᠢᠨ ᠬᠤᠶᠢᠨ᠎ᠠ᠄ 13᠄ 30 ︱ 17᠄ 00 | ᠬᠦᠯᠢᠶᠡᠨ ᠠᠪᠬᠤ ᠤᠲᠠᠰᠤ᠄ ︵0471︶12380 | ᠵᠠᠬᠢᠳᠠᠯ ᠢᠷᠡᠭᠦᠯᠬᠦ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ | 1 ᠳ᠋ᠤᠭᠡᠷ ᠨᠣᠮᠧᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ ᠤᠨ ᠢᠯᠡᠴᠢᠯᠡᠨ ᠮᠡᠳᠡᠭᠦᠯᠬᠦ ᠲᠥᠪ ︵ᠰᠢᠤᠳᠠᠨ ᠳ᠋ᠤᠭᠠᠷ᠄ 010098︶᠃ | ᠢᠯᠡᠴᠢᠯᠡᠨ ᠮᠡᠳᠡᠭᠦᠯᠬᠦ ᠰᠦᠯᠵᠢᠶᠡᠨ ᠬᠠᠶ᠋ᠢᠭ᠄ 12380.nmgdj.gov.cn | ᠠᠳᠡ ᠣᠨᠴᠠᠭᠠᠶᠢᠯᠠᠨ ᠵᠠᠷᠯᠠᠪᠠ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠵᠤᠬᠢᠶᠠᠨ ᠪᠠᠶᠢᠭᠤᠯᠬᠤ ᠬᠡᠯᠳᠡᠰ | 2024 ᠣᠨ ᠤ 3 ᠰᠠᠷ᠎ᠠ ᠶᠢᠨ 22 ᠤ ᠡᠳᠦᠷ | | |