ᠵᠢᠨᠢᠩ ᠲᠣᠭᠤᠷᠢᠭ ᠤᠨ ᠬᠢᠨ ᠥᠨᠳᠥᠷ ᠪᠠᠷᠢᠮᠵᠢᠶ᠎ᠠ ᠪᠠᠷ ᠥᠨᠳᠥᠷ ᠶᠠᠰᠤ ᠴᠢᠨᠠᠷᠲᠠᠢ ᠪᠠᠷ ᠴᠡᠴᠡᠷᠯᠢᠭ ᠤᠨ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2024/4/11
    ᠬᠤᠲᠠ ᠶᠢᠨ ᠴᠡᠴᠡᠷᠯᠢᠭ ᠤᠨ ᠨᠣᠭᠤᠷᠠᠭᠤᠯᠤᠯᠳᠠ ᠶᠢᠨ ᠭᠠᠵᠠᠷ ᠤᠨ ᠦᠵᠡᠮᠵᠢ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠵᠢᠨᠢᠩ ᠲᠣᠭᠤᠷᠢᠭ ᠤᠨ ᠬᠢᠨ ᠬᠠᠪᠤᠷ ᠤᠨ ᠤᠯᠠᠷᠢᠯ ᠤᠨ ᠴᠢᠬᠢ ᠮᠣᠳᠣ ᠶᠢ ᠠᠷᠠᠴᠢᠯᠠᠨ ᠬᠠᠮᠠᠭᠠᠯᠠᠬᠤ ︽ᠰᠢᠵᠢᠷ ᠠᠯᠲᠠᠨ ᠬᠤᠭᠤᠴᠠᠭ᠎ᠠ︾ ᠶᠢ ᠵᠠᠪᠳᠤᠨ ᠠᠳᠬᠤᠵᠤ᠂ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ︽ᠨᠠᠷᠢᠯᠢᠭᠵᠢᠭᠤᠯᠬᠤ᠂ ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ᠂ ᠨᠠᠷᠢᠯᠢᠭ ᠣᠨᠣᠴᠠᠵᠢᠭᠤᠯᠬᠤ︾ ᠵᠠᠷᠴᠢᠮ ᠶᠣᠰᠣᠭᠠᠷ᠂ ᠦᠷᠭᠦᠯᠵᠢᠯᠡᠨ ᠨᠣᠭᠤᠭᠠᠷᠠᠭᠤᠯᠬᠤ ᠬᠡᠮᠵᠢᠶ᠎ᠡ ᠶᠢ ᠨᠡᠮᠡᠭᠳᠡᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ᠂ ᠨᠠᠷᠢᠯᠢᠭ ᠬᠠᠮᠢᠶᠠᠷᠴᠤ᠂ ᠨᠣᠭᠤᠭᠠᠷᠠᠭᠤᠯᠬᠤ ᠦᠷ᠎ᠡ ᠪᠦᠲᠦᠮᠵᠢ ᠪᠠ ᠬᠤᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠠᠷᠠᠴᠢᠯᠠᠨ ᠬᠠᠮᠠᠭᠠᠯᠠᠬᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ︽ᠤᠰᠤᠨ ᠲᠡᠷᠭᠡ + ᠬᠥᠮᠥᠨ ᠤ ᠬᠦᠴᠦ︾ ᠶᠢ ᠬᠠᠷᠢᠯᠴᠠᠨ ᠤᠶᠠᠯᠳᠤᠭᠤᠯᠤᠭᠰᠠᠨ ᠤᠰᠤᠯᠠᠯᠲᠠ ᠶᠢᠨ ᠠᠷᠭ᠎ᠠ ᠮᠠᠶ᠋ᠢᠭ ᠢ ᠬᠡᠷᠡᠭᠯᠡᠨ᠂ ᠤᠰᠤ ᠨᠡᠪᠴᠢᠭᠦᠯᠬᠦ᠂ ᠭᠦᠢᠴᠡᠳ ᠤᠰᠤᠯᠠᠬᠤ ᠶᠢ ᠦᠨᠡᠨᠬᠦ ᠪᠠᠲᠤᠯᠠᠬᠤ ᠶᠢᠨ ᠬᠠᠮᠲᠤ᠂ ᠨᠢᠳᠤᠨᠤᠨ ᠤ ᠰᠢᠨ᠎ᠡ ᠪᠠᠷ ᠳᠠᠷᠢᠭᠰᠠᠨ᠂ ᠰᠢᠯᠵᠢᠭᠦᠯᠦᠨ ᠵᠠᠶᠢᠯᠠᠭᠰᠠᠨ ᠴᠢᠬᠢ ᠮᠣᠳᠣ ᠶᠢ ᠭᠤᠣᠯᠳᠠᠯᠭ᠎ᠠ ᠲᠠᠢ ᠤᠰᠤᠯᠠᠵᠤ᠂ ᠡᠳᠦᠷ ᠪᠦᠷᠢ ᠳᠤᠮᠳᠠᠴᠢ ᠪᠠᠷ 300 ᠭᠠᠷᠤᠢ ᠤᠰᠤᠯᠠᠭᠴᠢ᠂ 44 ᠤᠰᠤᠨ ᠲᠡᠷᠭᠡ ᠶᠢ ᠬᠥᠳᠡᠯᠭᠡᠨ ᠤᠰᠤᠯᠠᠵᠤ ᠬᠥᠯᠳᠡᠭᠡᠭᠰᠡᠨ ᠤᠰᠤ ᠶᠢ ᠲᠠᠶᠢᠯᠬᠤ ᠠᠵᠢᠯ ᠢ ᠬᠢᠪᠡ᠃ ᠬᠤᠲᠠ ᠶᠢᠨ ᠲᠣᠭᠤᠷᠢᠭ ᠤᠨ ᠳᠣᠲᠣᠷᠠᠬᠢ ᠱᠤ᠋ ᠭᠤᠸᠠᠩ ᠵᠠᠮ᠂ ᠺᠠᠩ ᠨᠢᠩ ᠵᠠᠮ ᠤᠨ ᠡᠮᠦᠨ᠎ᠡ ᠵᠠᠮ᠂ ᠴᠠᠬᠠᠷ ᠶᠡᠭᠡ ᠵᠡᠭᠡᠯᠢ᠂ ᠬᠥᠭᠵᠢᠯᠲᠦ ᠵᠡᠭᠡᠯᠢ᠂ ᠭᠡᠭᠡᠨ ᠵᠡᠭᠡᠯᠢ᠂ ᠳᠦᠷᠪᠡᠳ ᠵᠡᠭᠡᠯᠢ᠂ ᠮᠠᠨᠳᠠ ᠵᠡᠭᠡᠯᠢ᠂ ᠭᠦᠩ ᠨᠦᠩ ᠵᠠᠮ᠂ ᠫᠢᠩ ᠶᠦᠨ ᠵᠠᠮ᠂ ᠾᠦᠢ ᠶᠤᠸᠠᠨ ᠵᠡᠭᠡᠯᠢ ᠵᠢᠴᠢ ᠤᠷᠭᠤᠮᠠᠯ ᠤᠨ ᠬᠦᠷᠢᠶᠡᠯᠡᠩ ᠵᠡᠷᠭᠡ ᠭᠤᠣᠯ ᠳᠡᠳ᠋ ᠵᠠᠮ ᠪᠠ ᠴᠡᠴᠡᠷᠯᠢᠭ ᠠᠭᠤᠳᠠᠮ ᠲᠠᠯᠠᠪᠠᠶ ᠶᠢᠨ ᠣᠷᠣᠨ ᠤ ︽ᠤᠰᠤ  ᠭᠡᠰᠬᠡᠬᠦ︾ ᠤᠰᠤᠯᠠᠯᠲᠠ ᠶᠢᠨ ᠠᠵᠢᠯ ᠦᠨᠳᠦᠰᠦᠨ ᠳᠡᠭᠡᠨ ᠳᠠᠭᠤᠰᠴᠠᠢ᠃ ᠦᠯᠡᠳᠡᠭᠰᠡᠨ ᠵᠡᠭᠡᠯᠢ ᠭᠤᠳᠤᠮᠵᠢ᠂ ᠴᠡᠴᠡᠷᠯᠢᠭ ᠤᠨ ᠠᠭᠤᠳᠠᠮ ᠲᠠᠯᠠᠪᠠᠶ ᠶᠢᠨ ᠠᠵᠢᠯ ᠢ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠪᠠᠷ ᠬᠢᠵᠦ ᠪᠠᠶᠢᠨ᠎ᠠ᠂ ᠵᠢᠱᠢᠯᠲᠡ ᠪᠠᠷ ᠳᠥᠷᠪᠡᠳᠦᠭᠡᠷ ᠰᠠᠷ᠎ᠠ ᠶᠢᠨ ᠳᠤᠮᠳᠠᠴᠢ ᠪᠠᠷ ᠬᠢᠵᠦ ᠳᠠᠭᠤᠰᠬᠠᠬᠤ ᠪᠣᠯᠣᠨ᠎ᠠ᠃                                            ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2