ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠨ᠎ᠠ᠄ ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠱᠠᠩᠳᠤ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/11
    3 ᠰᠠᠷ᠎ᠠ ᠶᠢᠨ 9 ᠠᠴᠠ 10 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠱᠠᠩᠳᠤ ᠰᠢᠶᠠᠨ ᠳᠤ ᠭᠦᠨᠵᠡᠭᠡᠶᠢᠷᠡᠨ᠂ ︽ᠨᠠᠮ ᠤᠨ ᠠᠴᠢ  ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠭᠤᠣᠯᠳᠠᠯᠭ᠎ᠠ ᠲᠠᠢ ᠵᠦᠢᠯᠡᠰ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠰᠣᠷᠪᠤᠯᠵᠢᠯᠠᠭ᠎ᠠ ᠶᠢ ᠬᠦᠯᠢᠶᠡᠨ ᠠᠪᠴᠤ ᠳᠣᠷᠣᠭᠰᠢ ᠪᠠᠭᠤᠵᠤ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ᠃     ᠲᠠᠷᠢᠶᠠᠯᠠᠩ ᠤᠨ ᠴᠠᠭ ᠠᠯᠲᠠ ᠰᠢᠭ᠋ ᠡᠷᠬᠢᠮ᠂ ᠬᠠᠪᠤᠷ ᠤᠨ ᠲᠠᠷᠢᠶᠠᠯᠠᠭ᠎ᠠ ᠬᠥᠮᠥᠨ ᠢ ᠬᠦᠯᠢᠶᠡᠬᠦ ᠦᠭᠡᠢ᠃ ᠰᠦᠢ ᠸᠧᠢ ᠵᠢᠶᠦ᠋ᠨ ᠲᠠᠷᠢᠶᠠᠨ ᠭᠠᠵᠠᠷ ᠲᠤ ᠪᠥᠬᠦᠶᠢᠵᠦ᠂ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ᠂ ᠲᠠᠷᠢᠶᠠᠴᠢᠨ ᠡᠷᠦᠬᠡ ᠳᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠲᠠᠷᠢᠶᠠᠨ ᠴᠠᠭ ᠤᠨ ᠬᠠᠪᠤᠷ ᠤᠨ ᠲᠠᠷᠢᠶᠠᠯᠠᠭ᠎ᠠ ᠶᠢ ᠵᠠᠪᠳᠤᠨ ᠠᠳᠬᠤᠵᠤ᠂ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠭᠡᠳᠬᠡᠨ᠂ ᠬᠠᠪᠤᠷ ᠤᠨ ᠲᠠᠷᠢᠶᠠᠯᠠᠭ᠎ᠠ ᠶᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠳᠤ ᠭᠦᠢᠴᠡᠳ ᠪᠡᠯᠡᠳᠬᠡᠯ ᠬᠢᠬᠦ ᠬᠡᠷᠡᠭᠲᠡᠢ᠃ ︽ᠡᠷᠦᠬᠡ ᠪᠣᠯᠭᠠᠨ ᠦᠬᠡᠷ ᠬᠤᠨᠢ ᠲᠡᠵᠢᠭᠡᠵᠦ᠂ ᠡᠷᠦᠬᠡ ᠪᠣᠯᠭᠠᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ︾ ᠠᠵᠢᠯ ᠢ ᠪᠣᠳᠠᠲᠠᠢ ᠠᠳᠬᠤᠵᠤ᠂ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ᠂ ᠦᠬᠡᠷ ᠬᠤᠨᠢᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠦᠢᠯᠡᠳᠬᠦᠨ ᠤ ᠨᠡᠮᠡᠯᠲᠡ ᠥᠷᠲᠡᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ︽ᠨᠠᠮ ᠤᠨ ᠠᠴᠢ ᠳᠤ ᠲᠠᠯᠠᠷᠬᠠᠵᠤ︾ ᠪᠠᠷ ᠴᠢᠬᠤᠯᠠ ᠭᠠᠷᠳᠠᠴᠠ ᠪᠣᠯᠭᠠᠵᠤ᠂ ᠣᠯᠠᠨ ᠲᠦᠮᠡᠨ ᠢ ᠬᠠᠪᠰᠤᠷᠤᠨ ︽ᠵᠣᠯ ᠵᠢᠷᠭᠠᠯ ᠤᠨ ᠳᠠᠩᠰᠠ︾ ᠶᠢ ᠲᠣᠳᠣᠷᠬᠠᠢ ᠪᠤᠳᠤᠵᠤ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠬᠡᠷᠡᠭ ᠪᠠ ᠶᠣᠰᠣ ᠤᠴᠢᠷ︾ ᠢ ᠲᠣᠳᠣᠷᠬᠠᠢ ᠶᠠᠷᠢᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠢ ᠭᠡᠵᠦ ᠬᠡᠯᠡᠪᠡ᠃    ᠰᠦᠢ ᠸᠧᠢ ᠵᠢᠶᠦ᠋ᠨ ᠯᠢᠲ᠋ᠢ ᠴᠠᠬᠢᠯᠭᠠᠨ ᠴᠡᠨᠡᠭ ᠤᠨ ᠪᠢᠯᠢᠭ ᠲᠤᠶᠢᠯ ᠤᠨ ᠮᠠᠲ᠋ᠧᠷᠢᠶᠠᠯ᠂ ᠪᠦᠷᠢᠨ ᠪᠢᠲᠡᠭᠦᠮᠵᠢᠯᠡᠭᠰᠡᠨ ᠥᠨᠳᠥᠷ ᠨᠡᠭᠦᠷᠡᠰᠦᠲᠥ᠋ᠷᠥᠭᠴᠢᠲᠦ ᠾᠷᠣᠮᠲᠤ ᠲᠡᠮᠦᠷ ᠤᠨ ᠠᠭᠤᠷᠬᠠᠢ ᠶᠢᠨ ᠢᠯᠴᠢ ᠶᠢᠨ ᠵᠤᠤᠬ᠎ᠠ᠂ ᠲᠥᠮᠥᠰᠥ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃ ᠲᠡᠷᠡ᠂ ᠲᠡᠮᠦᠷ ᠤᠨ ᠬᠠᠶᠢᠯᠤᠰᠢ ᠶᠢᠨ ᠠᠵᠢᠯ ᠲᠦᠷᠦᠯ ᠤᠨ ︽ᠲᠠᠪᠤᠵᠢᠯᠲᠠ ᠶᠢᠨ ᠥᠭᠡᠷᠡᠴᠢᠯᠡᠯᠲᠡ︾᠂ ᠪᠢᠯᠢᠭ ᠲᠤᠶᠢᠯ ᠤᠨ ᠮᠠᠲ᠋ᠧᠷᠢᠶᠠᠯ ᠤᠨ ᠠᠵᠤ ᠦᠢᠯᠡᠰ ᠤᠨ ︽ᠳᠥᠷᠪᠡ ᠶᠢ ᠲᠡᠰ ᠳᠡᠪᠰᠢᠭᠦᠯᠬᠦ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠰ ᠤᠨ ᠪᠥᠭᠡᠮᠨᠡᠷᠡᠯ ᠤᠨ ᠪᠦᠯᠦᠭᠵᠢᠯ᠂ ᠪᠦᠯᠦᠭᠯᠡᠯ ᠤᠨ ᠬᠥᠭᠵᠢᠯᠲᠡ ᠶᠢᠨ ᠬᠠᠨᠳᠤᠰᠢ ᠶᠢ ᠠᠬᠢᠭᠤᠯᠬᠤ ᠬᠡᠷᠡᠭᠲᠡᠢ᠃ ᠲᠥᠮᠥᠰᠥ ᠶᠢᠨ ᠦᠷ᠎ᠡ ᠶᠢᠨ ᠲᠥᠮᠥᠰᠥ ᠶᠢ ᠥᠷᠭᠡᠳᠬᠡᠨ ᠦᠷᠡᠵᠢᠭᠦᠯᠬᠦ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠶᠢ ᠨᠡᠮᠡᠭᠳᠡᠭᠦᠯᠬᠦ ᠶᠢ ᠴᠢᠩᠭᠠᠳᠬᠠᠵᠤ᠂ ᠲᠥᠮᠥᠰᠥ ᠶᠢᠨ ᠦᠢᠯᠡᠰ ᠤᠨ ︽ᠴᠢᠫ︾ ᠢ ᠡᠭᠦᠳᠴᠦ᠂ ᠲᠥᠮᠥᠰᠥ ᠶᠢᠨ ᠦᠷ᠎ᠡ ᠶᠢᠨ ᠦᠷᠡᠵᠢᠭᠦᠯᠦᠨ ᠪᠣᠶᠢᠵᠢᠭᠤᠯᠬᠤ ᠰᠠᠭᠤᠷᠢᠨ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠬᠡᠯᠡᠪᠡ᠃    ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠤᠨ ᠲᠤᠭ ᠤᠨ ᠰᠤᠷᠭᠠᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ᠂ ᠱᠠᠩᠳᠤ ᠰᠢᠶᠠᠨ ᠤ ᠮᠦᠽᠧᠢ᠂ ᠨᠣᠮ ᠤᠨ ᠰᠠᠩ ᠢ ᠲᠣᠭᠤᠷᠢᠨ ᠦᠵᠡᠪᠡ᠃ ᠲᠡᠷᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ᠂ ᠤᠮᠠᠷᠠᠲᠤ ᠶᠢᠨ ᠰᠣᠶᠣᠯ ᠢ ᠪᠠᠳᠠᠷᠠᠭᠤᠯᠬᠤ ᠬᠡᠷᠡᠭᠲᠡᠢ ᠭᠡᠵᠦ ᠬᠡᠯᠡᠪᠡ᠃    ᠡᠨᠡ ᠬᠤᠭᠤᠴᠠᠭᠠᠨ ᠳᠤ᠂ ᠰᠦᠢ ᠸᠧᠢ ᠵᠢᠶᠦ᠋ᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠰᠣᠷᠪᠤᠯᠵᠢᠯᠠᠭ᠎ᠠ ᠶᠢ ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠠᠵᠢᠯ ᠢ ᠥᠷᠨᠢᠭᠦᠯᠵᠡᠢ᠃ ᠲᠡᠷᠡ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠰᠢᠢᠳᠪᠦᠷᠢᠯᠡᠬᠦ ᠰᠡᠳᠬᠢᠬᠦᠢ ᠪᠠᠨ ᠴᠢᠩᠭᠠᠳᠬᠠᠵᠤ᠂ ᠬᠦᠯᠢᠶᠡᠬᠦ ᠦᠭᠡᠢ ᠤᠳᠠᠭᠠᠰᠢᠷᠠᠭᠤᠯᠬᠤ ᠦᠭᠡᠢ ᠲᠦᠰᠢᠭᠯᠡᠬᠦ ᠦᠭᠡᠢ ᠪᠠᠶᠢᠵᠤ᠂ ᠯᠠᠪᠳᠠᠭᠤᠨ ᠪᠠᠲᠤᠲᠠᠢ ᠪᠠᠷ ᠠᠷᠠᠳ ᠤᠯᠠᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ᠃ ︽ᠬᠠᠯᠠᠭᠤᠨ ᠳᠤᠯᠠᠭᠠᠨ ᠤ ᠢᠨᠵᠧᠨᠧᠷᠢᠩ︾ ᠢ ᠤᠷᠢᠳᠴᠢᠯᠠᠨ ᠲᠥᠯᠥᠪᠵᠢᠭᠦᠯᠵᠦ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠢᠯᠴᠢ ᠶᠢᠨ ᠡᠬᠢ ᠰᠤᠷᠪᠤᠯᠵᠢ ᠶᠢᠨ ᠪᠠᠲᠤᠯᠠᠭ᠎ᠠ ᠶᠢ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠠᠯᠠᠭᠤᠨ ᠳᠤᠯᠠᠭᠠᠨ ᠢ ᠠᠶᠢᠯ ᠪᠣᠯᠭᠠᠨ ᠳᠤ ᠬᠦᠷᠭᠡᠬᠦ ᠬᠡᠷᠡᠭᠲᠡᠢ ᠭᠡᠵᠦ ᠬᠡᠯᠡᠪᠡ᠃     ᠯᠢᠦ ᠭᠦᠸᠧ ᠭᠠᠩ᠂ ᠢᠦᠢ ᠬᠠᠢ ᠴᠧᠩ ᠣᠷᠣᠯᠴᠠᠵᠠᠢ᠃                                            ᠣᠷᠴᠢᠭᠤᠯᠤᠭᠴᠢ᠄ ᠭᠤᠸ᠎ᠠ                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2