ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠬᠦᠷ ᠬᠦᠭᠵᠢᠶᠡᠨ ᠲᠠᠢ ᠶᠠᠪᠤᠭᠳᠠᠵᠤ ᠪᠣᠶ
ᠨᠡᠶᠢᠲᠡᠯᠡᠭᠰᠡᠨ ᠴᠠᠭ᠄
2024/4/12
    ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠨᠠᠶᠢᠳᠠᠪᠤᠷᠢᠵᠢᠭᠤᠯᠵᠤ᠂ ︽ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠵᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ︾ ᠴᠢᠬᠤᠯᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠢᠭᠡ ᠪᠣᠯᠣᠨ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 2024 ᠣᠨ ᠳᠤ 12 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠲᠥᠯᠥᠪᠵᠢᠭᠦᠯᠦᠨ ᠬᠡᠷᠡᠭᠵᠢᠭᠦᠯᠵᠦ᠂ ᠪᠥᠬᠦ ᠬᠤᠰᠢᠭᠤᠨ ᠤ 7 ᠰᠤᠮᠤ ᠰᠢᠶᠠᠩ ᠪᠠᠯᠭᠠᠰᠤᠨ ᠳᠤ ᠲᠠᠷᠬᠠᠵᠤ᠂ ᠨᠡᠶᠢᠲᠡ 32 ᠬᠡᠰᠡᠭ ᠭᠠᠵᠠᠷ ᠪᠠᠶᠢᠵᠤ᠂ ᠭᠠᠵᠠᠷ ᠰᠢᠷᠣᠢ ᠲᠥᠪᠯᠡᠷᠡᠨ ᠵᠠᠯᠭᠠᠯᠳᠤᠬᠤ ᠶᠢ ᠬᠡᠷᠡᠭᠵᠢᠬᠦᠯᠦᠭᠰᠡᠨ ᠪᠥᠭᠡᠳ ᠲᠠᠷᠢᠶᠠᠴᠢᠳ ᠤᠨ ᠲᠠᠷᠢᠶᠠᠯᠠᠬᠤ ᠢᠳᠡᠪᠬᠢᠵᠢᠯ ᠥᠨᠳᠥᠷ ᠪᠠᠶᠢᠨ᠎ᠠ᠃ 4 ᠰᠠᠷ᠎ᠠ ᠶᠢᠨ ᠡᠬᠢ ᠪᠣᠯᠲᠠᠯ᠎ᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠭᠠᠵᠠᠷ ᠳᠣᠣᠷᠠᠬᠢ ᠬᠤᠭᠤᠯᠠᠢ ᠶᠢᠨ ᠲᠣᠣᠷ ᠤᠨ ᠢᠨᠵᠧᠨᠧᠷᠢᠩ ᠢ ᠨᠢᠭᠡᠨᠲᠡ ᠪᠠᠷᠢᠵᠤ ᠳᠠᠭᠤᠰᠬᠠᠪᠠ᠃                              ᠵᠣᠬᠢᠶᠠᠭᠴᠢ᠄ ᠶᠦᠨ ᠰᠢᠦᠢ ᠳ᠋ᠦᠩ                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
1
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2