ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/15
    4 ᠰᠠᠷ᠎ᠠ ᠶᠢᠨ 10 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠧᠢ ᠶᠦᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ᠂ ᠴᠢᠯᠦᠭᠡᠲᠦ ᠠᠷᠠᠯᠵᠢᠶᠠᠨ ᠤ ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠬᠤᠳᠠ ᠪᠠᠯᠭᠠᠰᠤᠨ ᠤ ᠢᠯᠴᠢ ᠬᠠᠩᠭᠠᠬᠤ ᠳᠤᠯᠠᠭᠠᠯᠠᠬᠤ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ︽2024 ᠣᠨ ᠤ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠨᠢ ᠠᠵᠤ ᠠᠬᠤᠢ ᠶᠢᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠲᠤᠯᠭᠠᠭᠤᠷᠢᠯᠠᠬᠤ ᠴᠢᠨᠠᠷᠲᠠᠢ᠂ ᠲᠠᠲᠠᠬᠤ ᠴᠢᠨᠠᠷᠲᠠᠢ᠂ ᠬᠥᠰᠢᠬᠦ ᠴᠢᠨᠠᠷᠲᠠᠢ ᠦᠢᠯᠡᠳᠦᠯ ᠲᠠᠢ ᠶᠤᠮ᠃ ᠡᠯ᠎ᠡ ᠱᠠᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠬᠦ ᠶᠢ ᠲᠦᠷᠭᠡᠳᠬᠡᠬᠦ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠭᠠᠵᠠᠷᠳᠠᠭᠤᠯᠵᠤ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠶᠡᠬᠡᠪᠡᠷ ᠠᠬᠢᠭᠤᠯᠵᠤ᠂ ᠵᠦᠷᠢᠶᠡᠵᠢᠬᠦᠯᠦᠭᠰᠡᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠠᠭᠪᠤᠷ ᠢ ᠠᠪᠴᠤ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠠᠷᠭ᠎ᠠ ᠬᠡᠮᠵᠢᠶ᠎ᠡ᠂ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠢ ᠥᠷᠭᠡᠨ ᠢᠶᠠᠷ ᠳᠠᠶᠢᠴᠢᠯᠠᠨ ᠣᠷᠣᠯᠴᠠᠭᠤᠯᠬᠤ ᠬᠡᠷᠡᠭᠲᠡᠢ᠃ ᠳᠤᠯᠠᠭᠠᠯᠠᠬᠤ ᠢᠨᠵᠧᠨᠧᠷᠢᠩ ᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠷᠠᠭᠤᠯᠤᠨ᠂ ᠳᠤᠯᠠᠭᠠᠯᠠᠬᠤ ᠪᠠᠨ ᠵᠣᠭᠰᠣᠪᠠᠯ ᠳᠠᠷᠤᠢ ᠠᠵᠢᠯ ᠡᠬᠢᠯᠡᠭᠦᠯᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠡᠷᠡᠭᠦᠯ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠪᠡᠯᠡ ᠮᠥᠩᠭᠦ ᠡᠳ᠋ ᠬᠥᠷᠥᠩᠭᠡ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠦᠯᠡᠳᠡᠭᠡᠯ ᠥᠷᠢ ᠥᠭᠴᠡᠭᠡ ᠶᠢ ᠯᠠᠪᠳᠠᠭᠤᠨ ᠢᠶᠠᠷ ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ ᠣᠷᠣᠨ ᠪᠦᠰᠡ ᠶᠢᠨ ᠴᠢᠨᠠᠷᠲᠠᠢ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                           ᠣᠷᠴᠢᠭᠤᠯᠤᠭᠴᠢ᠄ ᠭᠤᠸ᠎ᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2