ᠯᠢᠶᠡᠩᠴᠧᠩ ᠰᠢᠶᠠᠨ ᠤ 2024 ᠣᠨ ᠤ ᠨᠢᠭᠡᠳᠦᠭᠡᠷ ᠤᠯᠠᠷᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠭᠡᠢ ᠥᠷᠲᠡᠭ ᠵᠢᠱᠢᠯᠲᠡ ᠪᠠᠷ 15.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 6% ᠪᠠᠷ ᠨᠡᠮᠡᠭᠳᠡᠬᠦ ᠪᠣᠯᠣᠨ᠎ᠠ᠃ ᠭᠤᠷᠪᠠ ᠤᠳᠠᠭ᠎ᠠ ᠶᠢᠨ ᠠᠵᠤ ᠦᠢᠯᠡᠰ ᠤᠨ ᠪᠦᠲᠦᠴᠡ ᠪᠠᠷ | ᠬᠤᠪᠢᠶᠠᠷᠢᠯᠠᠪᠠᠯ᠂ ᠨᠢᠭᠡᠳᠦᠭᠡᠷ ᠠᠵᠤ ᠦᠢᠯᠡᠰ ᠵᠢᠱᠢᠯᠲᠡ ᠪᠠᠷ 1.35 ᠳ᠋ᠦᠩᠰᠢᠭᠤᠷ ᠲᠥᠭᠦᠷᠢᠭ᠂ ᠬᠤᠶᠠᠳᠤᠭᠠᠷ ᠠᠵᠤ | ᠦᠢᠯᠡᠰ ᠵᠢᠱᠢᠯᠲᠡ ᠪᠠᠷ 7.9 ᠳ᠋ᠦᠩᠰᠢᠭᠤᠷ ᠲᠥᠭᠦᠷᠢᠭ᠂ ᠭᠤᠷᠪᠠᠳᠤᠭᠠᠷ ᠠᠵᠤ ᠦᠢᠯᠡᠰ ᠵᠢᠱᠢᠯᠲᠡ ᠪᠠᠷ 5.9 | ᠳ᠋ᠦᠩᠰᠢᠭᠤᠷ ᠲᠥᠭᠦᠷᠢᠭ ᠪᠠᠶᠢᠵᠤ᠂ ᠭᠤᠷᠪᠠ ᠤᠳᠠᠭ᠎ᠠ ᠶᠢᠨ ᠠᠵᠤ ᠦᠢᠯᠡᠰ ᠤᠨ ᠪᠦᠲᠦᠴᠡ ᠶᠢᠨ ᠡᠵᠡᠯᠡᠬᠦ ᠬᠠᠷᠢᠴᠠᠯ | ᠨᠢ ᠲᠤᠰ ᠲᠤᠰ 8.9 %᠂ 52.2 %᠂ 38.9% ᠪᠣᠯᠣᠨ᠎ᠠ᠃ | ᠨᠢᠭᠡ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠵᠢᠱᠢᠯᠲᠡ ᠪᠠᠷ 3. | 56 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.8% ᠪᠠᠷ ᠨᠡᠮᠡᠭᠳᠡᠬᠦ | ᠪᠣᠯᠣᠨ᠎ᠠ᠃ | ᠬᠤᠶᠠᠷ ᠲᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠢᠱᠢᠯᠲᠡ ᠪᠠᠷ 2.75 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 260% ᠪᠠᠷ ᠨᠡᠮᠡᠭᠳᠡᠬᠦ ᠪᠣᠯᠣᠨ᠎ᠠ᠃ | ᠭᠤᠷᠪᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠭᠡᠢ ᠲᠤᠭ᠎ᠠ | ᠵᠢᠱᠢᠯᠲᠡ ᠪᠠᠷ 3.76 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠪᠠᠷ | ᠨᠡᠮᠡᠭᠳᠡᠬᠦ ᠪᠣᠯᠣᠨ᠎ᠠ᠃ ︽ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ | ᠲᠠᠮᠢᠷ ᠤᠨ ᠤᠷᠤᠯᠳᠤᠭᠠᠨ︾ ᠤ ᠬᠤᠨᠤᠭ ᠪᠠᠭᠤᠳᠠᠯ᠂ ᠬᠤᠭᠤᠯᠠ ᠤᠮᠳᠠ ᠪᠣᠯᠣᠨ ᠵᠢᠵᠢᠭᠯᠡᠨ ᠪᠤᠷᠤᠯᠠᠭᠤᠯᠬᠤ ᠦᠢᠯᠡᠰ | ᠤᠨ ᠦᠵᠡᠭᠦᠯᠬᠦ ᠳᠠᠶᠢᠴᠢᠯᠠᠬᠤ ᠦᠢᠯᠡᠳᠦᠯ ᠨᠢ ᠢᠯᠡᠷᠬᠡᠢ ᠶᠤᠮ᠃ ᠡᠭᠦᠨ ᠳᠤ᠂ ᠬᠡᠪᠴᠢᠶᠡᠵᠢᠯ ᠠᠴᠠ ᠳᠡᠭᠡᠭᠰᠢᠬᠢ 7 | ᠠᠵᠤ ᠠᠬᠤᠶᠢᠯᠠᠯ ᠤᠨ ᠪᠥᠭᠡᠮ ᠢᠶᠠᠷ ᠵᠢᠵᠢᠭᠯᠡᠨ ᠪᠤᠷᠤᠯᠠᠭᠤᠯᠬᠤ ᠪᠠ ᠬᠤᠭᠤᠯᠠᠨ ᠤ ᠵᠠᠷᠤᠳᠠᠯ ᠤᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 70.2% ᠨᠡᠮᠡᠭᠳᠡᠵᠦ᠂ ᠬᠡᠪᠴᠢᠶᠡᠵᠢᠯ ᠠᠴᠠ ᠳᠤᠷᠤᠭᠰᠢᠬᠢ 15 ᠠᠵᠤ ᠠᠬᠤᠶᠢᠯᠠᠯ ᠤᠨ | ᠪᠥᠭᠡᠮ ᠢᠶᠠᠷ ᠵᠢᠵᠢᠭᠯᠡᠨ ᠪᠤᠷᠤᠯᠠᠭᠤᠯᠬᠤ ᠪᠠ ᠬᠤᠭᠤᠯᠠᠨ ᠤ ᠵᠠᠷᠤᠳᠠᠯ ᠤᠨ ᠣᠷᠣᠯᠭ᠎ᠠ ᠠᠳᠠᠯᠢ ᠬᠤᠭᠤᠴᠠᠭᠠᠨ ᠤ | ᠬᠢ ᠠᠴᠠ 456.02% ᠨᠡᠮᠡᠭᠳᠡᠵᠡᠢ᠃ | ᠨᠢᠭᠡᠳᠦᠭᠡᠷ ᠤᠯᠠᠷᠢᠯ ᠤᠨ ᠪᠦᠷᠢᠳᠬᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠯᠢᠶᠡᠩᠴᠧᠩ ᠰᠢᠶᠠᠨ ᠤ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠱᠢᠯᠲᠡ ᠪᠠᠷ | 9735 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7% ᠨᠡᠮᠡᠭᠳᠡᠵᠡᠢ᠃ ᠬᠥᠳᠡᠭᠡ | ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠱᠢᠯᠲᠡ ᠪᠠᠷ | 6489 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠵᠡᠢ᠃ | |