| | ᠣᠷᠣᠰᠢᠭᠤᠯᠭ᠎ᠠ ᠶᠢᠨ ᠮᠠᠭᠤ ᠳᠠᠳᠬᠠᠯ ᠢ ᠤᠯᠠᠮ ᠨᠢᠭᠡ ᠠᠯᠬᠤᠮ ᠠᠷᠢᠯᠭᠠᠵᠤ᠂ ᠪᠣᠯᠪᠠᠰᠤᠨ ᠰᠢᠨ᠎ᠡ ᠰᠤᠷᠲᠠᠯ | ᠢ ᠪᠤᠶ ᠪᠣᠯᠭᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠢ ᠭᠦᠨᠵᠡᠭᠡᠢ ᠥᠷᠨᠢᠭᠦᠯᠬᠦ ᠶᠢᠨ ᠲᠦᠯᠦᠬᠡ᠂ | ᠵᠢᠨᠢᠩ ᠲᠣᠭᠤᠷᠢᠭ ︽ᠵᠢᠨᠢᠩ ᠲᠣᠭᠤᠷᠢᠭ ᠤᠨ ᠭᠤᠣᠯ ᠵᠠᠰᠠᠮᠠᠯ ᠵᠠᠮ᠂ ᠲᠡᠮᠦᠷ ᠵᠠᠮ ᠳᠠᠭᠠᠤ ᠶᠢᠨ ᠬᠡᠪᠴᠢᠶᠡᠨ ᠳᠤ | ᠪᠤᠯᠠᠰᠢ ᠶᠢ ᠬᠠᠲᠠᠭᠤᠷᠠᠭᠤᠯᠬᠤ ᠲᠤᠰᠬᠠᠢ ᠵᠠᠰᠠᠯᠲᠠ ᠶᠢ ᠥᠷᠨᠢᠭᠦᠯᠬᠦ ᠲᠤᠬᠠᠢ ᠠᠯᠪᠠᠨ ᠵᠠᠷ︾ ᠢ ᠳᠠᠷᠤᠮᠠᠯᠯᠠᠨ | ᠲᠠᠷᠬᠠᠭᠠᠵᠤ᠂ ᠬᠠᠷᠢᠶ᠎ᠠ ᠣᠷᠣᠨ ᠤ ᠭᠤᠣᠯ ᠵᠠᠰᠠᠮᠠᠯ ᠵᠠᠮ᠂ ᠲᠡᠮᠦᠷ ᠵᠠᠮ ᠳᠠᠭᠠᠤ ᠶᠢᠨ ᠬᠡᠪᠴᠢᠶᠡᠨ ᠳᠤ ᠪᠤᠯᠠᠰᠢ ᠶᠢ | ᠬᠠᠲᠠᠭᠤᠷᠠᠭᠤᠯᠬᠤ ᠲᠤᠰᠬᠠᠢ ᠵᠠᠰᠠᠯᠲᠠ ᠶᠢ ᠥᠷᠨᠢᠭᠦᠯᠪᠡ᠃ G55᠂ G6᠂ G110 ᠤᠯᠤᠰ ᠤᠨ ᠵᠠᠮ᠂ | G208 ᠤᠯᠤᠰ ᠤᠨ ᠵᠠᠮ᠂ ᠵᠢᠨᠢᠩ ᠠᠴᠠ ᠱᠠᠩᠳᠤ ᠬᠦᠷᠬᠦ ᠵᠠᠰᠠᠮᠠᠯ ᠵᠠᠮ᠂ ᠵᠢᠨᠢᠩ ᠠᠴᠠ ᠲᠤᠩᠯᠢᠶᠤᠤ ᠬᠦᠷᠬᠦ | ᠲᠡᠮᠦᠷ ᠵᠠᠮ ᠳᠠᠭᠠᠤ ᠶᠢᠨ ᠰᠤᠯᠠ ᠪᠤᠯᠠᠵᠤ ᠳᠤᠷ᠎ᠠ ᠪᠠᠷ ᠢᠶᠠᠨ ᠪᠤᠯᠠᠰᠢᠯᠠᠭᠰᠠᠨ ᠣᠩᠭᠤᠨ ᠢ ᠪᠦᠷᠢᠳᠬᠡᠵᠦ᠂ ᠵᠠᠳᠠᠯᠵᠤ᠂ | ᠪᠠᠶᠢᠴᠠᠭᠠᠵᠤ ᠵᠢᠭᠰᠠᠭᠠᠪᠡ᠂ ᠪᠦᠷᠢᠳᠬᠡᠯ ᠠᠴᠠ ᠦᠵᠡᠪᠡᠯ᠂ ᠲᠣᠰ ᠤᠳᠠᠭᠠᠨ ᠤ ᠵᠠᠰᠠᠯᠲᠠ ᠶᠢᠨ ᠬᠡᠪᠴᠢᠶᠡᠨ ᠳᠤ | ᠬᠤᠯᠪᠣᠭᠳᠠᠭᠰᠠᠨ ᠵᠠᠮ ᠳᠠᠭᠠᠤ ᠶᠢᠨ ᠰᠤᠯᠠ ᠪᠤᠯᠠᠵᠤ ᠳᠤᠷ᠎ᠠ ᠪᠠᠷ ᠢᠶᠠᠨ ᠪᠤᠯᠠᠰᠢᠯᠠᠭᠰᠠᠨ ᠨᠢ ᠨᠡᠶᠢᠲᠡ 767 ᠣᠩᠭᠤᠨ᠂ | ᠡᠭᠦᠨ ᠤ ᠳᠣᠲᠣᠷ᠎ᠠ ᠬᠠᠲᠠᠭᠤᠵᠢᠭᠤᠯᠤᠭᠰᠠᠨ ᠣᠩᠭᠤᠨ 426᠂ ᠰᠢᠷᠣᠢ ᠶᠢᠨ ᠣᠩᠭᠤᠨ 341 ᠪᠣᠶ᠃ 4 | ᠰᠠᠷ᠎ᠠ ᠶᠢᠨ 10 ᠤ ᠡᠳᠦᠷ ᠪᠣᠯᠲᠠᠯ᠎ᠠ᠂ 765 ᠰᠠᠭᠤᠷᠢ ︵426 ᠰᠠᠭᠤᠷᠢ ᠬᠠᠲᠠᠭᠤᠵᠢᠭᠤᠯᠤᠭᠰᠠᠨ ᠤᠩᠭᠤᠨ᠂ | 339 ᠰᠠᠭᠤᠷᠢ ᠰᠢᠷᠣᠢ ᠶᠢᠨ ᠤᠩᠭᠤᠨ︶ ᠶᠢ ᠵᠠᠰᠠᠵᠤ ᠳᠠᠭᠤᠰᠬᠠᠵᠤ᠂ 767 ᠬᠤᠪᠢ ᠵᠥᠪᠯᠡᠯᠴᠡᠭᠡᠷ ᠲᠣᠭᠲᠠᠵᠠᠢ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |