ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/4/16
   4 ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠡᠷᠬᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠭᠰᠠᠨ ᠪᠥᠭᠡᠳ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠮᠢᠶᠠᠷᠤᠯᠲᠠ ᠶᠢᠨ ᠤᠬᠠᠭᠠᠨ ᠤ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ᠂ ᠫᠷᠣᠹᠧᠰᠰᠣᠷ ᠭᠠᠢ ᡁᠢ ᠢ ᠶᠢ ᠤᠷᠢᠵᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠲᠠᠶᠢᠯᠪᠤᠷᠢᠯᠠᠬᠤ ᠨᠢ︾ ᠭᠡᠬᠦ ᠰᠡᠳᠦᠪ ᠢᠶᠠᠷ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠪᠡ᠃    ᠬᠤᠳᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃    ᠬᠤᠷᠠᠯ ᠳᠤ ᠣᠷᠣᠯᠴᠠᠭᠰᠠᠳ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ︽ᠨᠣᠬᠠᠢ ᠶᠢᠨ ᠬᠤᠰᠢᠭᠤ ᠨᠣᠭᠤᠭ᠎ᠠ ᠲᠥᠮᠥᠰᠥ᠂ ᠦᠬᠡᠷ ᠬᠤᠨᠢ ᠰᠦ︾ ᠵᠡᠷᠭᠡ ᠵᠢᠷᠭᠤᠭᠠᠨ ᠶᠡᠭᠡ ᠠᠵᠤ ᠦᠢᠯᠡᠰ ᠤᠨ ᠠᠵᠢᠯᠯᠠᠭ᠎ᠠ ᠶᠢ ᠠᠬᠢᠭᠤᠯᠵᠤ᠂ ︽ᠣᠣᠷ ᠠᠮᠲᠠᠲᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠰᠠᠶᠢᠲᠤᠷ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠬᠥᠭᠵᠢᠯᠲᠡ ᠶᠢ ᠪᠡᠶᠡᠯᠡᠭᠦᠯᠦᠨ᠎ᠡ ᠭᠡᠵᠦ ᠢᠯᠡᠳᠬᠡᠵᠡᠢ᠃                                      ᠣᠷᠴᠢᠭᠤᠯᠤᠭᠴᠢ᠄ ᠭᠤᠸ᠎ᠠ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2