ᠳᠤᠯᠠᠭᠠᠯᠠᠬᠤ ᠪᠠᠨ ᠵᠣᠭᠰᠣᠮᠠᠭᠴᠠ ᠠᠵᠢᠯ ᠢᠶᠠᠨ ᠡᠬᠢᠯᠡᠭᠦᠯᠪᠡ ! ᠤᠯᠠᠭᠠᠨᠴᠠᠪ ᠤᠨ ︽ᠳᠤᠯᠠᠭᠠᠯᠠᠬᠤ ᠢᠨᠵᠧᠨᠧᠷᠢᠩ︾ ᠪᠥᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2024/4/17
    ᠵᠢᠩ ᠨᠢᠩ ᠢᠯᠴᠢ ᠶᠢᠨ ᠴᠠᠬᠢᠯᠭᠠᠨ ᠤ ᠺᠣᠮᠫᠠᠨᠢ ᠶᠢᠨ ᠠᠵᠢᠯᠴᠢᠳ ᠣᠳᠣ ᠶᠠᠭ ᠮᠠᠰᠢᠨ ᠴᠣᠭᠴᠠᠯᠠᠪᠤᠷᠢ ᠶᠢ ᠪᠠᠶᠢᠴᠠᠭᠠᠨ ᠵᠠᠰᠠᠵᠤ ᠬᠠᠮᠠᠭᠠᠯᠠᠵᠤ ᠪᠠᠶᠢᠨ᠎ᠠ᠃ ᠲᠠᠩ ᠰᠢᠤᠸᠠᠨ ᠪᠥᠸᠧ ᠰᠡᠭᠦᠳᠡᠷᠯᠡᠪᠡ     ︽ᠳᠤᠯᠠᠭᠠᠯᠠᠬᠤ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ︽ᠵᠢᠷᠭᠤᠭᠠᠨ  ᠢᠨᠵᠧᠨᠧᠷᠢᠩ︾ ᠤᠨ ᠨᠢᠭᠡ ᠪᠣᠯᠬᠤ ᠪᠥᠭᠡᠳ ᠲᠦᠭ ᠲᠦᠮᠡᠨ ᠠᠶᠢᠯ ᠡᠷᠥᠭᠡ ᠶᠢᠨ ᠠᠮᠤᠷ ᠲᠠᠶᠢᠪᠤᠩ ᠠᠵᠤ ᠲᠦᠷᠦᠭᠦ ᠪᠠ ᠣᠯᠠᠨ ᠲᠦᠮᠡᠨ ᠤ ᠬᠠᠯᠠᠭᠤᠨ ᠬᠦᠢᠲᠡᠨ ᠤ ᠠᠰᠠᠭᠤᠳᠠᠯ ᠲᠠᠢ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ︽ᠳᠤᠯᠠᠭᠠᠯᠠᠬᠤ ᠢᠨᠵᠧᠨᠧᠷᠢᠩ︾ ᠢ ᠡᠬᠢᠯᠡᠭᠦᠯᠦᠭᠰᠡᠨ ᠠᠴᠠ ᠨᠠᠰᠢ᠂ ᠮᠠᠨ ᠤ ᠬᠤᠲᠠ ᠡᠷᠲᠡ ᠠᠴᠠ ᠲᠥᠯᠥᠪᠯᠡᠵᠦ ᠡᠷᠲᠡ ᠠᠴᠠ ᠪᠠᠶᠢᠷᠢᠯᠠᠭᠤᠯᠬᠤ ᠶᠢ ᠪᠠᠷᠢᠮᠲᠠᠯᠠᠵᠤ᠂ ᠣᠯᠠᠨ ᠲᠦᠮᠡᠨ ᠤ ᠬᠠᠯᠠᠭᠤᠨ ᠬᠦᠢᠲᠡᠨ ᠤ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠢ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠬᠤ ᠶᠢ ᠪᠠᠷᠢᠮᠲᠠᠯᠠᠵᠤ᠂ ︽ᠳᠤᠯᠠᠭᠠᠯᠠᠬᠤ︾ ᠦᠰᠦᠭ ᠢ  ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠨᠠᠷᠢᠨ ᠨᠢᠮᠪᠠᠢ ᠪᠢᠴᠢᠵᠦ ᠪᠣᠳᠠᠲᠠᠢ ᠪᠠᠷ ᠪᠢᠴᠢᠬᠦ ᠶᠢ ᠪᠠᠷᠢᠮᠲᠠᠯᠠᠪᠠ᠃                         ᠵᠤᠬᠢᠶᠠᠭᠴᠢ᠄ ᠰᠠᠶᠢᠨ᠎ᠠ                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2