ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠴᠤᠭᠯᠠᠷᠠᠯ ᠤᠨ ᠬᠢᠨ ᠬᠥᠬᠡᠬᠤᠲᠠ ᠳᠤ ᠬᠦᠷᠴᠦ ᠰᠢᠨᠵᠢᠯᠡᠨ ᠰᠤᠷᠤᠯᠴᠠᠪᠠ
ᠨᠡᠶᠢᠲᠡᠯᠡᠭᠰᠡᠨ ᠴᠠᠭ᠄
2024/4/17
    ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠠᠭᠤᠯᠭ᠎ᠠ ᠶᠢ ᠠᠵᠢᠯᠯᠠᠭᠤᠯᠵᠤ ᠬᠠᠮᠠᠭᠠᠯᠠᠬᠤ ᠵᠢᠴᠢ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠮᠠᠨ ᠤ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠴᠤᠭᠯᠠᠷᠠᠯ ᠤᠨ ᠬᠠᠷᠢᠭᠤᠴᠠᠯᠭᠠᠲᠠᠳ ᠵᠢᠴᠢ ᠠᠵᠢᠯᠯᠠᠭᠤᠯᠵᠤ ᠬᠠᠮᠠᠭᠠᠯᠠᠬᠤ ᠠᠵᠢᠯᠲᠠᠳ ᠥᠪᠡᠷᠲᠡᠭᠡᠨ ᠵᠠᠰᠠᠬᠤ ᠣᠷᠣᠨ ᠤ ᠣᠷᠴᠢᠭᠤᠯᠭ᠎ᠠ ᠶᠢᠨ ᠲᠥᠪ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠥᠪᠥᠷ ᠮᠣᠩᠭᠤᠯ ᠤᠨ ᠮᠦᠩᠭᠡᠭᠠᠯ ᠮᠣᠩᠭᠤᠯ ᠬᠡᠯᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠨ ᠰᠤᠷᠤᠯᠴᠠᠪᠠ᠃
    ᠲᠣᠰ ᠤᠳᠠᠭᠠᠨ ᠤ ᠰᠤᠷᠤᠯᠴᠠᠯᠭ᠎ᠠ ᠳᠤ WPS Office ᠤᠨ ᠥᠪᠥᠷ ᠮᠣᠩᠭᠤᠯ ᠤᠨ ᠲᠤᠰᠬᠠᠢ ᠬᠡᠪᠯᠡᠯ᠂ ᠮᠦᠩᠭᠡᠭᠠᠯ ᠣᠶᠤᠨᠴᠢ ᠣᠷᠣᠭᠤᠯᠤᠯᠲᠠ ᠶᠢᠨ ᠠᠷᠭ᠎ᠠ᠂ ᠥᠰᠥᠭ ᠤᠨ ᠲᠢᠭ ᠥᠰᠥᠭ ᠤᠨ ᠬᠥᠮᠥᠷᠭᠡ ᠶᠢᠨ ᠬᠡᠷᠡᠭᠯᠡᠯᠲᠡ ᠶᠢᠨ ᠠᠬᠤᠢ ᠪᠠᠶᠢᠳᠠᠯ᠂ ᠦᠵᠦᠭᠦᠷ ᠠᠯᠤᠰᠯᠠᠭᠰᠠᠨ ᠣᠯᠠᠨ ᠬᠡᠯᠡᠨ ᠤ ᠲᠥᠷᠥᠯ ᠤᠨ ᠲᠣᠭᠠᠴᠢᠯᠠᠭᠰᠠᠨ ᠶᠡᠷᠦᠩᠬᠡᠢ ᠦᠢᠯᠡᠴᠢᠯᠡᠭᠡᠨ ᠤ ᠲᠠᠪᠴᠠᠩ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠪᠠ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠵᠡᠷᠭᠡ ᠶᠢ ᠪᠥᠬᠦ ᠲᠠᠯ᠎ᠠ ᠪᠠᠷ ᠨᠠᠷᠢᠨ ᠨᠢᠮᠪᠠᠢ ᠣᠶᠢᠯᠠᠭᠠᠭᠰᠠᠨ ᠪᠠᠶᠢᠨ᠎ᠠ᠃ ᠡᠭᠦᠨ ᠤ ᠬᠠᠮᠲᠤ᠂ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢ ᠪᠠᠶᠢᠭᠤᠯᠵᠤ ᠬᠠᠮᠢᠶᠠᠷᠬᠤ ᠲᠡᠷᠢᠭᠦᠨ ᠤ ᠲᠤᠷᠰᠢᠯᠭ᠎ᠠ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ᠂ ᠵᠠᠰᠠᠭ ᠤᠨ ᠣᠷᠳᠣᠨ ᠤ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠴᠤᠭᠯᠠᠷᠠᠯ ᠢ ᠰᠢᠨ ᠴᠤᠸᠠᠩ ᠰᠢᠰᠲ᠋ᠧᠮᠵᠢ ᠪᠠᠷ ᠣᠷᠣᠯᠠᠭᠤᠯᠬᠤ ᠠᠵᠢᠯ ᠢ ᠥᠷᠨᠢᠭᠦᠯᠬᠦ ᠲᠤᠬᠠᠢ ᠭᠦᠨᠵᠡᠭᠡᠢ ᠰᠣᠯᠢᠯᠴᠠᠨ ᠶᠠᠷᠢᠯᠴᠠᠪᠠ᠃
    ᠳᠠᠷᠠᠭᠠᠴᠢ ᠶᠢᠨ ᠠᠯᠬᠤᠮ ᠳᠤ᠂ ᠮᠠᠨ ᠤ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠴᠤᠭᠯᠠᠷᠠᠯ ᠤᠨ ᠬᠢᠨ ᠲᠤᠰ ᠤᠳᠠᠭᠠᠨ ᠤ ᠰᠣᠯᠢᠯᠴᠠᠭ᠎ᠠ ᠰᠤᠷᠤᠯᠴᠠᠯᠭ᠎ᠠ ᠪᠠᠷ ᠲᠤᠬᠢᠶᠠᠯ ᠪᠤᠯᠭᠠᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠰᠤᠷᠤᠯᠴᠠᠬᠤ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠬᠠᠮᠲᠤ᠂ ᠵᠠᠰᠠᠭ ᠤᠨ ᠣᠷᠳᠣᠨ ᠤ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠪᠠᠶᠢᠭᠤᠯᠤᠯᠲᠠ ᠶᠢᠨ ᠠᠵᠢᠯ ᠤᠨ ᠲᠠᠯ᠎ᠠ ᠪᠠᠷ ᠬᠢ ᠰᠠᠶᠢᠨ ᠠᠷᠭ᠎ᠠ ᠬᠢᠳᠡᠯ᠂ ᠰᠠᠶᠢᠨ ᠲᠤᠷᠰᠢᠯᠭ᠎ᠠ ᠶᠢ ᠮᠠᠨ ᠤ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠴᠤᠭᠯᠠᠷᠠᠯ ᠢ ᠲᠠᠰ ᠳᠡᠪᠰᠢᠭᠦᠯᠦᠨ ᠥᠭᠡᠷᠡᠴᠢᠯᠡᠬᠦ ᠳᠤᠮᠳᠠ ᠠᠭᠤᠰᠬᠠᠨ ᠣᠷᠣᠭᠤᠯᠵᠤ᠂ ᠬᠠᠷᠠᠭ᠎ᠠ ᠪᠠ ᠰᠡᠳᠬᠢᠴᠡ ᠪᠠᠨ ᠤᠯᠠᠮ ᠨᠢᠭᠡ ᠠᠯᠬᠤᠮ ᠥᠷᠭᠡᠳᠬᠡᠨ᠂ ᠮᠠᠨ ᠤ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠪᠠᠶᠢᠭᠤᠯᠤᠯᠲᠠ ᠶᠢᠨ ᠠᠵᠢᠯ ᠢ ᠰᠢᠨ᠎ᠡ ᠨᠢᠭᠡᠨ ᠳᠡᠭᠲᠡᠷ ᠲᠤ ᠭᠠᠷᠭᠠᠬᠤ ᠪᠠᠷ ᠴᠢᠷᠮᠠᠶᠢᠨ᠎ᠠ᠃
 
ᠢᠷᠡᠯᠲᠡ᠄ ᠬᠤᠲᠠ ᠶᠢᠨ ᠵᠠᠰᠠᠭ ᠤᠨ ᠣᠷᠳᠣᠨ ᠤ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2