ᠬᠤᠸᠠᠳᠧ ᠰᠢᠶᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠰᠠᠯᠠᠭ᠎ᠠ ᠮᠥᠴᠢᠷ ᠬᠠᠮᠲᠤᠷᠠᠭᠰᠠᠨ ︽ᠬᠤᠶᠠᠷ ᠢ ᠲᠣᠬᠢᠶᠠᠯᠳᠤᠯ ᠢᠶᠠᠷ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/17
    4 ᠰᠠᠷ᠎ᠠ ᠶᠢᠨ 16  ᠤ ᠡᠳᠦᠷ᠂ ᠬᠤᠸᠠᠳᠧ ᠰᠢᠶᠠᠨ ᠪᠦᠬᠦ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠰᠠᠯᠠᠭ᠎ᠠ ᠮᠥᠴᠢᠷ ᠤᠨ ᠬᠠᠮᠲᠤᠷᠠᠭᠰᠠᠨ ︽ᠬᠤᠶᠠᠷ ᠢ ᠲᠣᠬᠢᠶᠠᠯᠳᠤᠯ ᠢᠶᠠᠷ᠂ ᠨᠢᠭᠡ ᠶᠢ ᠢᠯᠠ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠬᠠᠮᠲᠤᠷᠠᠭᠰᠠᠨ ᠬᠤᠷᠠᠯ ᠢ ᠬᠤᠷᠠᠯᠳᠤᠭᠤᠯᠪᠠ᠃     ᠬᠤᠷᠠᠯ ᠠᠴᠠ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠣᠳᠣᠬᠢ ᠱᠠᠲᠤᠨ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠬᠢᠪᠡ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠨᠢᠭᠡᠴᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠂ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠴᠢᠩᠭ᠎ᠠ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠬᠤᠯᠠᠴᠢᠯᠠᠵᠤ᠂ ᠬᠠᠮᠳᠤᠷᠠᠨ ᠬᠤᠶᠠᠷ ᠢ ᠳᠤᠬᠢᠶᠠᠯᠳᠤᠯ ᠢᠶᠠᠷ ᠪᠠᠶᠢᠴᠠᠭᠠᠬᠤ ᠶᠠᠪᠤᠴᠠ ᠳᠠᠬᠢ ᠬᠦᠴᠢᠷᠳᠡᠯ ᠪᠣᠯᠣᠨ ᠠᠰᠠᠭᠤᠳᠠᠯ ᠢ ᠵᠣᠬᠢᠴᠠᠭᠤᠯᠤᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ︽ᠪᠥᠬᠦ ᠰᠢᠶᠠᠨ︾ ᠤ ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ ︽ᠬᠢᠨᠠᠨ ᠬᠠᠮᠢᠶᠠᠷᠬᠤ ᠠᠵᠢᠯ ᠤᠨ ᠨᠢᠭᠡᠳᠦᠭᠡᠷ ᠤᠯᠠᠷᠢᠯ ᠤᠨ ᠮᠡᠳᠡᠭᠡᠯᠡᠯ︾ ᠳᠤ ᠢᠯᠡᠷᠡᠭᠦᠯᠦᠭᠰᠡᠨ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠰᠠᠨᠠᠭᠤᠯᠭ᠎ᠠ ᠲᠠᠢ ᠤᠶᠠᠯᠳᠤᠭᠤᠯᠤᠨ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠬᠠᠮᠲᠤ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠤ ᠪᠠᠨ ᠨᠡᠪᠲᠡᠷᠡᠯᠴᠡᠨ ᠬᠠᠷᠢᠯᠴᠠᠬᠤ ᠪᠠᠨ ᠴᠢᠩᠭᠠᠳᠬᠠᠵᠤ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠴᠢᠷᠮᠠᠶᠢᠨ ᠪᠣᠶ ᠪᠣᠯᠭᠠᠵᠤ᠂ ᠬᠢᠨᠠᠨ ᠬᠠᠮᠢᠶᠠᠷᠬᠤ ᠬᠦᠷᠢᠶ᠎ᠡ ᠬᠡᠪᠴᠢᠶ᠎ᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠪᠠᠶᠢᠩᠭᠤ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2