| | | | | | | | | | | | | | | ᠤᠯᠠᠭᠠᠨᠴᠠᠪ ᠬᠤᠲᠠ ᠶᠢᠨ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ︾ ᠠᠵᠢᠯᠯᠠᠭ᠎ᠠ ᠥᠷᠨᠢᠭᠦᠯᠬᠦ ᠶᠢ | ᠭᠦᠨᠵᠡᠭᠡᠢ ᠲᠦᠯᠬᠢᠨ ᠠᠬᠢᠭᠤᠯᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠪᠠ ᠮᠥᠰᠥ ᠴᠠᠰᠤᠨ ᠤ ᠵᠢᠭᠤᠯᠴᠢᠯᠠᠯ ᠤᠨ | ᠬᠥᠭᠵᠢᠯᠲᠡ ᠶᠢ ᠲᠦᠯᠬᠢᠨ ᠠᠬᠢᠭᠤᠯᠵᠤ᠂ ᠤᠯᠠᠭᠠᠨᠴᠠᠪ ᠤᠨ ᠣᠷᠣᠨ ᠪᠦᠰᠡ ᠶᠢᠨ ᠴᠢᠨᠠᠷᠲᠠᠢ ᠬᠦᠢᠰᠦ ᠬᠤᠲᠠ ᠶᠢᠨ | ᠦᠢᠯᠡᠳᠦᠯ ᠪᠠ ᠥᠪᠡᠷᠮᠢᠴᠡ ᠠᠮᠢ ᠠᠬᠤᠢ ᠶᠢᠨ ᠡᠬᠢ ᠪᠠᠶᠠᠯᠢᠭ ᠤᠨ ᠲᠠᠲᠠᠬᠤ ᠬᠦᠴᠦᠨ ᠢ ᠢᠯᠡᠷᠡᠭᠦᠯᠵᠤ᠂ ᠨᠠᠩ | ᠣᠯᠠᠨ ᠬᠥᠮᠥᠰ ᠤᠨ ᠮᠥᠰᠥᠨ ᠪᠥᠮᠪᠦᠭᠡ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠣᠶᠢᠯᠠᠭᠠᠭᠤᠯᠤᠨ | ᠬᠠᠶᠢᠷᠠᠯᠠᠭᠤᠯᠬᠤ ᠶᠢᠨ ᠲᠦᠯᠦᠬᠡ᠃ | 4 ᠰᠠᠷ᠎ᠠ ᠶᠢᠨ 17 ᠤ ᠡᠳᠦᠷ᠂ ᠤᠯᠠᠭᠠᠨᠴᠠᠪ ᠬᠤᠲᠠ ᠶᠢᠨ ᠠᠩᠬᠠᠳᠤᠭᠠᠷ ᠬᠤᠭᠤᠴᠠᠭᠠᠨ ᠤ ᠮᠥᠰᠥᠨ | ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠤᠯᠠᠭᠠᠨᠴᠠᠪ ᠬᠤᠲᠠ ᠶᠢᠨ ᠮᠥᠰᠥ ᠲᠡᠰᠢᠯᠲᠡ ᠶᠢᠨ ᠣᠷᠳᠣᠨ ᠳᠤ | ᠶᠠᠪᠤᠭᠳᠠᠪᠠ᠃ ᠲᠣᠰ ᠤᠳᠠᠭᠠᠨ ᠤ ᠤᠷᠤᠯᠳᠤᠭᠠᠨ ᠢ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠤᠯᠠᠭᠠᠨᠴᠠᠪ ᠬᠤᠲᠠ ᠶᠢᠨ ᠪᠡᠶ᠎ᠡ ᠶᠢᠨ ᠲᠠᠮᠢᠷ ᠤᠨ ᠶᠡᠷᠦᠩᠬᠡᠢ | ᠡᠪᠯᠡᠯ ᠠᠴᠠ ᠳᠠᠭᠠᠭᠠᠨ ᠡᠷᠭᠢᠯᠡᠵᠦ᠂ ᠵᠢᠨᠢᠩ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ᠂ ᠵᠢᠨᠢᠩ ᠲᠣᠭᠤᠷᠢᠭ ᠤᠨ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠠᠴᠠ ᠬᠠᠮᠵᠢᠯᠴᠠᠨ | ᠡᠷᠭᠢᠯᠡᠪᠡ᠃ ᠬᠥᠬᠡᠬᠤᠲᠠ᠂ ᠪᠤᠭᠤᠲᠤ ᠬᠤᠲᠠ᠂ ᠴᠢᠭᠤᠯᠤᠯᠲᠤ ᠬᠠᠭᠠᠯᠭ᠎ᠠ ᠪᠣᠯᠣᠨ ᠤᠯᠠᠭᠠᠨᠴᠠᠪ ᠬᠤᠲᠠ ᠠᠴᠠ | ᠢᠷᠡᠭᠰᠡᠨ 4 ᠮᠥᠰᠥᠨ ᠪᠥᠮᠪᠦᠭᠡ ᠶᠢᠨ ᠠᠩᠭᠢ ᠶᠢᠨ 50 ᠭᠠᠷᠤᠢ ᠲᠠᠮᠢᠷᠴᠢᠨ ᠤᠷᠤᠯᠳᠤᠭᠠᠨ ᠳᠤ ᠣᠷᠣᠯᠴᠠᠵᠤ᠂ | ᠤᠷ᠎ᠠ ᠮᠡᠷᠭᠡᠵᠢᠯ ᠢᠶᠠᠨ ᠰᠣᠯᠢᠯᠴᠠᠵᠤ᠂ ᠲᠤᠷᠰᠢᠯᠭ᠎ᠠ ᠪᠠᠨ ᠰᠣᠯᠢᠯᠴᠠᠪᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |