ᠢᠦᠢ ᠬᠠᠢ ᠴᠧᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠭᠦᠨᠵᠡᠭᠡᠶᠢᠷᠡᠨ ᠠᠭᠤᠷᠬᠠᠢ ᠶᠢ ᠴᠡᠭᠴᠡᠯᠡᠨ ᠵᠠᠰᠠᠬᠤ᠂ ᠰᠢᠨ᠎ᠡ ᠪᠠᠷ ᠨᠡᠮᠡᠭᠳᠡᠭᠰᠡᠨ ᠬᠠᠤᠯᠢ ᠪᠤᠰᠤ ᠪᠠᠷ ᠭᠠᠵᠠᠷ ᠬᠡᠷᠡᠭᠯᠡᠭᠰᠡᠨ ᠪᠠᠶᠢᠳᠠᠯ ᠢ ᠴᠡᠭᠴᠡᠯᠡᠨ ᠵᠠᠰᠠᠬᠤ᠂ ᠬᠠᠯᠠᠭᠤᠨ ᠳᠤᠯᠠᠭᠠᠨ ᠢᠨᠵᠧᠨᠧᠷᠢᠩ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/18
   4 ᠰᠠᠷ᠎ᠠ ᠶᠢᠨ 17 ᠤ ᠡᠳᠦᠷ᠂ ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠢᠦᠢ ᠬᠠᠢ ᠴᠧᠩ ᠨᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠭᠦᠨᠵᠡᠭᠡᠶᠢᠷᠡᠨ ᠠᠭᠤᠷᠬᠠᠢ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ᠂ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠪᠠᠶᠢᠳᠠᠯ ᠢ ᠴᠡᠭᠴᠡᠯᠡᠨ ᠵᠠᠰᠠᠬᠤ᠂ ᠬᠠᠯᠠᠭᠤᠨ ᠳᠤᠯᠠᠭᠠᠨ ᠢᠨᠵᠧᠨᠧᠷᠢᠩ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠵᠢᠯ ᠢ ᠪᠣᠳᠠᠲᠠᠢ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠼᠦᠢ ᠶᠦᠩ᠂ ᠬᠤᠰᠢᠭᠤᠨ ᠤᠳᠤᠷᠢᠳᠤᠯᠭ᠎ᠠ ᠸᠠᠩ ᠶᠦᠩ ᠹᠧᠩ᠂ ᠼᠦᠢ ᠯᠢ ᠹᠠᠩ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠢᠦᠢ ᠬᠠᠢ ᠴᠧᠩ᠂ ᠪᠠᠷᠢᠮᠵᠢᠶ᠎ᠠ ᠪᠠ ᠬᠦᠰᠦᠨᠦᠭᠲᠦ ᠲᠠᠢ ᠬᠠᠷᠭᠤᠭᠤᠯᠤᠨ ᠴᠠᠭ ᠬᠤᠭᠤᠴᠠᠭ᠎ᠠ ᠬᠢᠵᠠᠭᠠᠷᠯᠠᠨ ᠠᠭᠤᠷᠬᠠᠢ ᠶᠢ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠵᠦ᠂ ᠨᠠᠷᠢᠨ ᠬᠢᠨᠠᠮᠠᠭᠠᠢ᠂ ᠨᠣᠮᠣᠬᠠᠨ ᠰᠢᠳᠤᠷᠭᠤ ᠪᠠᠷ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠬᠥᠮᠥᠷᠭᠡ ᠶᠢ ᠴᠡᠪᠡᠷᠯᠡᠬᠦ ᠶᠢ ᠠᠬᠢᠭᠤᠯᠬᠤ ᠬᠡᠷᠡᠭᠲᠡᠢ︔ ᠵᠣᠯ ᠵᠢᠷᠭᠠᠯ ᠤᠨ ᠬᠦᠷᠢᠶᠡᠯᠡᠩ ᠤᠨ ︽ᠭᠤᠷᠪᠠ ᠶᠢ ᠥᠭᠡᠷᠡᠴᠢᠯᠡᠵᠦ ᠭᠤᠷᠪᠠ ᠶᠢ ᠵᠠᠰᠠᠬᠤ︾ ᠠᠵᠢᠯ ᠢ ᠰᠠᠶᠢᠲᠤᠷ ᠬᠢᠵᠦ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠩ ᠣᠯᠠᠨ ᠨᠠᠰᠤᠲᠠᠶᠢᠴᠤᠳ ᠢ ︽ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠤᠯᠭᠠᠭᠤᠷᠢ ᠲᠠᠢ᠂ ᠥᠲᠡᠯᠪᠡᠯ ᠪᠠᠶᠠᠷ ᠴᠡᠩᠭᠡᠯ ᠲᠠᠢ᠂ ᠥᠲᠡᠯᠪᠡᠯ ᠠᠮᠤᠷ ᠠᠮᠤᠭᠤᠯᠠᠩ ᠲᠠᠢ︾ ᠪᠣᠯᠭᠠᠬᠤ ᠬᠡᠷᠡᠭᠲᠡᠢ︔ ︽ᠬᠠᠯᠠᠭᠤᠨ ᠳᠤᠯᠠᠭᠠᠨ ᠢᠨᠵᠧᠨᠧᠷᠢᠩ︾ ᠤᠨ ᠬᠤᠯᠪᠣᠭᠳᠠᠯ ᠪᠦᠬᠦᠢ ᠳᠦᠷᠦᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ᠡᠮᠦᠨᠡᠬᠢ ᠬᠤᠭᠤᠴᠠᠭᠠᠨ ᠪ᠊ ᠠᠵᠢᠯ ᠢ ᠪᠣᠳᠠᠲᠠᠶᠢᠵᠢᠭᠤᠯᠵᠤ᠂ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠡᠷᠲᠡᠬᠡᠨ ᠠᠵᠢᠯ ᠡᠬᠢᠯᠡᠭᠦᠯᠵᠦ᠂ ᠲᠣᠭᠲᠠᠭᠰᠠᠨ ᠬᠤᠭᠤᠴᠠᠭᠠᠨ ᠳᠠᠭᠠᠨ ᠠᠵᠢᠯ ᠳᠠᠭᠤᠰᠬᠠᠬᠤ ᠶᠢ ᠪᠠᠲᠤᠯᠠᠵᠤ᠂ ᠤᠯᠠᠠ ᠲᠦᠮᠡᠨ ᠪ᠊ ᠳᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠢᠯᠴᠢ ᠬᠠᠩᠭᠠᠬᠤ ᠠᠰᠠᠭᠤᠳᠠᠯ ᠢ ᠪᠣᠳᠠᠲᠠᠶᠢᠵᠢᠭᠤᠯᠤᠨ ᠨᠠᠷᠢᠯᠢᠭᠵᠢᠭᠤᠯᠬᠤ ᠬᠡᠷᠡᠭᠲᠡᠢ︔ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠮᠤᠷ ᠲᠦᠪᠰᠢᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠠᠷᠢᠨ ᠪᠣᠳᠠᠲᠠᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃                                                    ᠣᠷᠴᠢᠭᠤᠯᠤᠭᠴᠢ᠄ ᠭᠤᠸ᠎ᠠ                                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2