ᠯᠢᠶᠡᠩᠴᠧᠩ ᠰᠢᠶᠠᠨ 2024 ᠣᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/18
    4 ᠰᠠᠷ᠎ᠠ ᠶᠢᠨ 17  ᠤ ᠡᠳᠦᠷ᠂ ᠯᠢᠶᠡᠩᠴᠧᠩ ᠰᠢᠶᠠᠨ ᠡᠾᠸᠤ ᠱᠠᠨ ᠤ ᠠᠮᠢ ᠠᠬᠤᠢ ᠶᠢᠨ ᠴᠡᠴᠡᠷᠯᠢᠭ ᠲᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠵᠡᠷᠭᠡ ᠲᠦᠷᠪᠡᠨ ᠶᠡᠭᠡ ᠪᠠᠭ ᠤᠨ ᠤᠳᠤᠷᠢᠳᠤᠯᠭ᠎ᠠ ᠪᠤᠯᠤᠨ ᠪᠦᠬᠦ ᠰᠢᠶᠠᠨ ᠤ 60 ᠭᠠᠷᠤᠢ ᠨᠢᠭᠡᠴᠢ ᠶᠢᠨ 1000 ᠭᠠᠷᠤᠢ ᠺᠠᠳ᠋ᠷ ᠠᠵᠢᠯᠲᠠᠨ ᠠᠵᠢᠯᠴᠢᠨ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠠᠢ᠃     ᠡᠨᠡ ᠵᠢᠯ᠂ ᠯᠢᠶᠡᠩᠴᠧᠩ ᠰᠢᠶᠠᠨ ᠤ ᠬᠢᠨ 100 ᠮᠦ ᠠᠯᠪᠠᠨ ᠵᠢᠷᠤᠮ ᠤᠨ ᠮᠣᠳᠣ ᠲᠠᠷᠢᠬᠤ ᠠᠵᠢᠯ ᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠲᠣᠬᠢᠷᠠᠮᠵᠢᠲᠠᠢ ᠭᠠᠵᠠᠷ ᠲᠤ ᠮᠣᠳᠣ ᠲᠠᠷᠢᠬᠤ ᠪᠠᠷ ᠳᠠᠮᠵᠢᠭᠤᠯᠵᠤ᠂ ᠡᠾᠸᠤ ᠱᠠᠨ ᠤ ᠠᠮᠢ ᠠᠬᠤᠢ ᠶᠢᠨ ᠴᠡᠴᠡᠷᠯᠢᠭ ᠲᠤ ᠨᠡᠶᠢᠳᠡ ᠲᠦᠮᠡ ᠭᠠᠷᠤᠢ ᠭᠠᠴᠤᠷ᠎ᠠ᠂ ᠵᠢᠭᠠᠷᠲᠤ ᠨᠠᠷᠠᠰᠤ ᠲᠠᠷᠢᠵᠤ᠂ ᠡᠭᠦᠨ ᠢᠶᠠᠷ ᠯᠢᠶᠡᠩᠴᠧᠩ ᠰᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃     ᠲᠣᠰ ᠤᠳᠠᠭᠠᠨ ᠤ ᠮᠣᠳᠣ ᠳᠠᠷᠢᠬᠤ ᠠᠵᠢᠯᠯᠠᠭ᠎ᠠ ᠳᠤ ᠪᠥᠬᠦ ᠰᠢᠶᠠᠨ ᠤ ᠺᠠᠳ᠋ᠷ ᠠᠵᠢᠯᠲᠠᠨ ᠠᠵᠢᠯᠴᠢᠨ ᠪᠣᠳᠠᠲᠤ ᠠᠵᠢᠯᠯᠠᠭ᠎ᠠ ᠪᠠᠷ ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠦᠭᠰᠡᠨ ᠤ ᠬᠠᠮᠲᠤ ᠪᠠᠰᠠ ᠣᠯᠠᠨ ᠢᠶᠠᠷ ᠢᠶᠠᠨ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠳᠤ ᠣᠷᠣᠯᠴᠠᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠨᠣᠭᠤᠭᠠᠷᠠᠭᠤᠯᠬᠤ ᠶᠢ ᠬᠠᠶᠢᠷᠡᠯᠠᠵᠤ ᠬᠠᠮᠠᠭᠠᠯᠠᠬᠤ ᠰᠢᠨ᠎ᠡ ᠬᠡᠪ ᠰᠤᠷᠲᠠᠯ ᠢ ᠪᠣᠶ ᠪᠣᠯᠭᠠᠭᠰᠠᠨ ᠪᠠᠶᠢᠨ᠎ᠠ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2