ᠴᠢ ᠹᠧᠢ ᠶᠦᠨ ᠪᠦᠯᠬᠦᠮ ᠳᠠᠭᠠᠭᠤᠯᠤᠨ ᠠᠨᠾᠦ᠋ᠢ ᠮᠤᠵᠢ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠪᠠ
ᠨᠡᠶᠢᠲᠡᠯᠡᠭᠰᠡᠨ ᠴᠠᠭ᠄
2024/4/19
  4 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠪᠦᠯᠬᠦᠮ ᠳᠠᠭᠠᠭᠤᠯᠤᠨ ᠠᠨᠾᠦ᠋ᠢ ᠮᠤᠵᠢ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠢ ᠰᠢᠨᠵᠢᠯᠡᠨ ᠪᠠᠶᠢᠴᠠᠭᠠᠪᠠ᠃    ᠰᠢᠦᠢ ᠾᠧ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠴᠢ ᠹᠧᠢ ᠶᠦᠨ ᠨᠠᠷ ᠳ᠋ᠢᠶᠠᠨ ᡂᠢ ᠪᠣᠯᠣᠨ ᠲᠤᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠱᠤᠭᠤᠮ ᠤᠨ ᠦᠢᠯᠡᠳᠪᠦᠷᠢ ᠶᠢᠨ ᠲᠠᠰᠤᠭ ᠢ ᠲᠣᠭᠤᠷᠢᠨ ᠦᠵᠡᠵᠦ᠂ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠧᠩ ᠰᠢᠦᠢ  ᠲᠠᠢ ᠥᠨᠳᠥᠷ ᠪᠦᠲᠦᠮᠵᠢᠲᠡᠢ ᠬᠡᠷᠡᠯ ᠴᠡᠨᠡᠭ ᠤᠨ ᠲᠤᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠰᠠᠭᠤᠷᠢᠨ ᠤ ᠲᠦᠷᠦᠯ ᠵᠦᠢᠯ ᠤᠨ ᠬᠠᠮᠲᠤᠷᠠᠯᠴᠠᠭᠠᠨ ᠤ ᠶᠠᠪᠤᠳᠠᠯ ᠤᠨ ᠲᠣᠭᠤᠷᠢᠨ ᠳᠤ ᠶᠠᠷᠢᠯᠴᠠᠬᠤ ᠶᠢᠨ ᠬᠠᠮᠲᠤ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠵᠠᠢ᠃    ᠠᠨᠾᠦ᠋ᠢ ᠮᠤᠵᠢ ᠶᠢᠨ ᠸᠠᠨ ᠸᠧᠢ ᠪᠦᠯᠦᠭᠯᠡᠯ ᠳᠤ᠂ ᠴᠢ ᠹᠧᠢ ᠶᠦᠨ ᠨᠠᠷ PVB ᠹᠢᠯᠢᠮ᠂ ᠲᠤᠶᠢᠯᠰᠢᠷᠠᠭ᠎ᠠ ᠹᠢᠯᠢᠮ᠂ ᠡᠲ᠋ᠥᠨ ᠤ ᠠᠷᠭ᠎ᠠ ᠶᠢᠨ PVA ᠦᠢᠯᠡᠳᠪᠦᠷᠢᠯᠡᠯ ᠤᠨ ᠲᠤᠬᠠᠢ ᠶᠢᠨ ᠲᠠᠯᠠᠪᠠᠢ᠂ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠥᠪ ᠢ ᠲᠣᠭᠤᠷᠢᠨ ᠦᠵᠡᠵᠦ᠂ ᠦᠢᠯᠡᠳᠪᠦᠷᠢᠯᠡᠯ ᠤᠨ ᠤᠷᠠᠯᠠᠯ᠂ ᠲᠤᠨᠤᠭ ᠲᠥᠬᠦᠭᠡᠷᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠸᠠᠨ ᠸᠧᠢ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠦ᠋ ᠹᠦ᠋ ᠱᠧᠩ ᠲᠠᠢ ᠰᠢᠷᠬᠡᠭᠯᠢᠭ ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠠᠪᠤᠳᠠᠯ ᠤᠨ ᠲᠣᠭᠤᠷᠢᠨ ᠳᠤ ᠰᠣᠯᠢᠯᠴᠠᠨ ᠵᠣᠯᠭᠠᠭᠤᠯᠬᠤ ᠶᠢᠨ ᠬᠠᠮᠲᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠠᠢ᠃    ᠴᠢ ᠹᠧᠢ ᠶᠦᠨ᠂ ᠤᠯᠠᠭᠠᠨᠴᠠᠪ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ︽ᠬᠡᠯᠬᠢᠶᠡᠵᠢᠯ ᠢ ᠤᠷᠲᠤᠳᠬᠠᠬᠤ᠂ ᠬᠡᠯᠬᠢᠶᠡᠵᠢᠯ ᠢ ᠨᠥᠬᠦᠪᠦᠷᠢᠯᠡᠬᠦ᠂ ᠬᠡᠯᠬᠢᠶᠡᠵᠢᠯ ᠢ ᠴᠢᠩᠭᠠᠳᠬᠠᠬᠤ︾ ᠳᠤ ᠴᠢᠭᠯᠡᠭᠦᠯᠦᠨ᠂ ᠰᠢᠦᠢ ᠾᠧ᠂ ᠸᠠᠨ ᠸᠧᠢ ᠵᠡᠷᠭᠡ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠠᠰᠤᠷᠠᠯᠲᠠ ᠦᠭᠡᠢ ᠴᠢᠩᠭᠠᠳᠬᠠᠨ᠂ ᠰᠢᠨ᠎ᠡ ᠶᠢ ᠡᠭᠦᠳᠬᠦ ᠶᠢ ᠠᠳᠬᠤᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠬᠦ ᠶᠢ ᠲᠦᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ︽ᠰᠢᠨ᠎ᠡ ᠬᠥᠳᠡᠯᠭᠡᠭᠦᠷ︾ ᠢ ᠬᠦᠴᠦᠯᠡᠨ ᠴᠣᠭᠴᠠᠯᠠᠨ᠎ᠠ᠃ ᠡᠭᠦᠨ ᠤ ᠬᠠᠮᠲᠤ᠂ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠨᠠᠩ ᠰᠢᠯᠢᠳᠡᠭ ᠦᠢᠯᠡᠴᠢᠯᠡᠭᠡ ᠪᠠᠷ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠯᠤᠭ᠎ᠠ ᠬᠠᠷᠢᠯᠴᠠᠨ ᠠᠰᠢᠭ ᠣᠯᠭᠤᠵᠤ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠦ ᠢᠯᠡᠷᠬᠡᠶᠢᠯᠡᠪᠡ᠃ ᠬᠤᠲᠠ ᠶᠢᠨ ᠳᠡᠳ᠋ ᠳᠠᠷᠤᠭ᠎ᠠ ᠹᠠᠩ ᠽᠧ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃                                                      ᠣᠷᠴᠢᠭᠤᠯᠤᠭᠴᠢ᠄ ᠭᠤᠸ᠎ᠠ                                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2