ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ ᠲᠠᠢ ᠬᠠᠮᠲᠤᠷᠠᠨ ᠤᠯᠠᠭᠠᠨᠴᠠᠪ ᠤᠨ ︽ᠰᠣᠶᠣᠯ ᠵᠢᠭᠤᠯᠴᠢᠯᠠᠯ ᠤᠨ ᠬᠠᠭᠤᠳᠠᠰᠤ︾ ᠶᠢ ᠬᠠᠮᠲᠤ ᠪᠠᠷ ᠵᠢᠷᠤᠭᠯᠠᠨ᠎ᠠ
ᠨᠡᠶᠢᠲᠡᠯᠡᠭᠰᠡᠨ ᠴᠠᠭ᠄
2024/4/19
    ᠤᠶᠢᠷ᠎ᠠ ᠶᠢᠨ ᠡᠳᠦᠷ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠢᠭᠡᠳ ᠵᠢᠨᠢᠩ  ᠤᠨ ᠪᠠᠭᠰᠢ ᠶᠢᠨ ᠳᠡᠭᠡᠳᠦ ᠰᠤᠷᠭᠠᠭᠤᠯᠢ ᠶᠢᠨ ᠤᠷᠠᠨ ᠵᠢᠷᠤᠭ ᠬᠢᠭᠡᠳ ᠵᠢᠷᠤᠭ ᠲᠥᠯᠥᠪᠯᠡᠭᠡᠨ ᠤ ᠳᠡᠭᠡᠳᠦ ᠰᠤᠷᠭᠠᠭᠤᠯᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠳᠠᠭᠤᠯᠵᠤ᠂ ᠬᠤᠶᠠᠷ ᠲᠠᠯ᠎ᠠ ᠪᠠᠷ ᠢᠶᠠᠨ ᠠᠵᠤ ᠦᠢᠯᠡᠰ ᠤᠨ ᠴᠢᠳᠠᠪᠤᠷᠢ ᠣᠯᠭᠤᠬᠤ᠂ ᠣᠶᠤᠨ ᠤ ᠳᠡᠮᠵᠢᠯᠭᠡ ᠦᠵᠡᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠲᠠᠯ᠎ᠠ ᠪᠠᠷ ᠳᠡᠭᠡᠳᠦ ᠲᠠᠰ ᠳᠠᠪᠬᠤᠷᠭ᠎ᠠ ᠶᠢᠨ᠂ ᠥᠷᠭᠡᠨ ᠬᠦᠷᠢᠶ᠎ᠡ ᠴᠠᠷᠠᠭ᠎ᠠ ᠶᠢᠨ᠂ ᠣᠯᠠᠨ ᠬᠠᠷᠠᠭᠠᠰᠤ ᠶᠢᠨ ᠬᠠᠮᠲᠤᠷᠠᠯᠴᠠᠭ᠎ᠠ ᠥᠷᠨᠢᠭᠦᠯᠵᠦ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠢᠶᠠᠨ ᠬᠠᠮᠳᠤᠳᠬᠠᠨ᠎ᠠ᠃     ᠣᠶᠢᠯᠠᠭᠠᠭᠰᠠᠨ ᠢᠶᠠᠷ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠢᠳᠡᠪᠬᠢᠲᠡᠢ ᠪᠠᠷ ᠲᠠᠪᠴᠠᠩ ᠪᠠᠶᠢᠭᠤᠯᠵᠤ᠂ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ ᠶᠢᠨ ᠤᠷᠠᠨ ᠵᠢᠷᠤᠭ ᠪᠠ ᠵᠢᠷᠤᠭ ᠲᠥᠯᠥᠪᠯᠡᠭᠡᠨ ᠤ ᠳᠡᠭᠡᠳᠦ ᠰᠤᠷᠭᠠᠭᠤᠯᠢ ᠶᠢ ᠪᠦᠬᠦ ᠬᠤᠲᠠ ᠶᠢᠨ ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ ᠡᠷᠡᠭᠦᠯ ᠮᠡᠨᠳᠦ ᠵᠡᠷᠭᠡ ᠠᠵᠢᠯ ᠲᠥᠷᠥᠯ ᠤᠨ ᠠᠵᠤ ᠠᠬᠤᠶᠢᠯᠠᠯ᠂ ᠲᠥᠷᠥᠯ ᠵᠦᠢᠯ᠂ ᠰᠣᠶᠣᠯ ᠪᠣᠯᠪᠠᠰᠤᠷᠠᠯ ᠤᠨ ᠪᠦᠲᠦᠭᠡᠭᠳᠡᠬᠦᠨ ᠤ ᠵᠢᠷᠤᠭ ᠲᠥᠯᠥᠪᠯᠡᠭᠡᠨ ᠤ ᠠᠵᠢᠯᠯᠠᠭᠠᠨ ᠳᠤ ᠲᠠᠨᠢᠯᠴᠠᠭᠤᠯᠵᠤ᠂ ᠢᠳᠡᠪᠬᠢᠲᠡᠢ ᠪᠠᠷ ᠵᠣᠬᠢᠶᠠᠨ ᠪᠠᠶᠢᠭᠤᠯᠤᠨ᠂ ᠬᠦᠴᠦᠨ ᠢᠶᠠᠨ ᠵᠣᠬᠢᠴᠠᠭᠤᠯᠵᠤ ᠪᠠᠶᠢᠭᠠᠳ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠳᠪᠦᠷᠢᠯᠡᠯ ᠤᠨ ᠬᠤᠯᠪᠣᠭᠠᠲᠤ ᠴᠣᠭᠴᠠ ᠶᠢ ᠪᠠᠶᠢᠭᠤᠯᠵᠤ᠂ ︽ᠤᠤᠷ ᠠᠮᠳᠠᠳᠤ ᠤᠯᠠᠭᠠᠨᠴᠠᠪ︾ ᠤᠨ ᠬᠠᠮᠢᠶ᠎ᠠ ᠪᠦᠬᠦᠢ ᠭᠤᠣᠯ ᠰᠡᠳᠦᠪ ᠵᠢᠴᠢ ᠪᠤᠰᠤᠳ ᠡᠯ᠎ᠡ ᠲᠥᠷᠥᠯ ᠤᠨ ᠭᠤᠣᠯ ᠰᠡᠳᠦᠪᠲᠦ ᠴᠡᠴᠡᠷᠯᠢᠭ ᠵᠡᠷᠭᠡ ᠣᠷᠣᠨ ᠨᠤᠲᠤᠭ ᠤᠨ ᠣᠨᠴᠠᠯᠢᠭᠲᠤ ᠰᠣᠶᠣᠯ ᠤᠨ ᠦᠵᠡᠮᠵᠢ ᠶᠢᠨ ᠵᠢᠷᠤᠭ ᠲᠥᠯᠥᠪᠯᠡᠭᠡ ᠶᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠳᠤ ᠬᠠᠮᠵᠢᠯᠴᠠᠬᠤ ᠶᠢᠨ ᠬᠠᠮᠲᠤ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ ᠶᠢᠨ ᠤᠷᠠᠨ ᠵᠢᠷᠤᠭ ᠬᠢᠭᠡᠳ ᠵᠢᠷᠤᠭ ᠲᠥᠯᠥᠪᠯᠡᠭᠡ ᠶᠢᠨ ᠳᠡᠭᠡᠳᠦ ᠰᠤᠷᠭᠠᠭᠤᠯᠢ ᠶᠢᠨ ᠡᠯᠪᠡᠭ ᠪᠠᠶᠠᠯᠢᠭ ᠲᠤᠰᠬᠠᠢ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ᠂ ᠪᠥᠬᠦ ᠬᠤᠲᠠ ᠶᠢᠨ ᠰᠣᠶᠣᠯ ᠤᠨ ᠠᠵᠤ ᠦᠢᠯᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠬᠤᠲᠠ ᠬᠥᠳᠡᠭᠡ ᠶᠢᠨ ᠦᠵᠡᠮᠵᠢ ᠶᠢᠨ ᠵᠢᠷᠤᠭ ᠲᠥᠯᠥᠪᠯᠡᠭᠡ ᠳᠤ ᠢᠳᠡᠪᠬᠢᠲᠡᠢ ᠣᠷᠣᠯᠴᠠᠭᠤᠯᠤᠨ᠎ᠠ᠃     ᠡᠭᠦᠨ ᠠᠴᠠ ᠭᠠᠳᠠᠨ᠎ᠠ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ᠂ ᠬᠤᠶᠠᠷ ᠲᠠᠯ᠎ᠠ ᠪᠠᠷ ᠢᠶᠠᠨ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠬᠠᠮᠢᠶ᠎ᠠ ᠪᠦᠬᠦᠢ ᠠᠵᠢᠯᠯᠠᠭ᠎ᠠ ᠳᠤ ᠴᠢᠭᠯᠡᠭᠦᠯᠦᠨ᠂ ᠪᠥᠬᠦ ᠬᠤᠲᠠ ᠶᠢᠨ ᠪᠦᠬᠦᠯᠢ ᠴᠣᠭᠴᠠ ᠶᠢᠨ ᠳᠦᠷᠢ ᠲᠥᠷᠬᠦ ᠶᠢᠨ ᠢᠯᠡᠷᠬᠡᠶᠢᠯᠡᠯ ᠤᠨ ᠭᠤᠣᠯ ᠰᠡᠳᠦᠪᠲᠦ ᠠᠭᠤᠯᠭ᠎ᠠ ᠶᠢᠨ ᠵᠢᠷᠤᠭ ᠲᠥᠯᠥᠪᠯᠡᠭᠡ ᠶᠢ ᠬᠢᠵᠦ᠂ ︽ᠪᠡᠭᠡᠵᠢᠩ ᠠᠴᠠ ᠪᠠᠷᠠᠭᠤᠨᠰᠢ ᠨᠢᠭᠡ ᠠᠯᠬᠤᠮ ᠶᠠᠪᠤᠪᠠᠯ ᠳᠠᠷᠤᠢ ᠤᠯᠠᠭᠠᠨᠴᠠᠪ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠰᠠᠶᠢᠨ ᠭᠠᠵᠠᠷ︾ ᠬᠡᠬᠦ ᠬᠤᠲᠠ ᠶᠢᠨ ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢ ᠬᠠᠮᠲᠤ ᠪᠠᠷ ᠤᠬᠠᠭᠤᠯᠤᠨ ᠳᠡᠯᠭᠡᠷᠡᠭᠦᠯᠦᠨ᠎ᠡ᠃ ᠡᠭᠦᠨ ᠤ ᠬᠠᠮᠲᠤ᠂ ᠬᠤᠶᠠᠷ ᠲᠠᠯ᠎ᠠ ᠪᠠᠷ ᠢᠶᠠᠨ ᠪᠠᠰᠠ ᠰᠢᠨᠵᠢᠯᠡᠬᠦ ᠤᠬᠠᠭᠠᠨ ᠤ ᠰᠤᠳᠤᠯᠭᠠᠨ᠂ ᠴᠢᠳᠠᠪᠤᠷᠢᠲᠠᠨ ᠢ ᠬᠥᠮᠥᠵᠢᠭᠦᠯᠬᠦ᠂ ᠣᠬᠤᠷ ᠸᠢᠳᠢᠤ᠋ ᠪᠠᠷ ᠰᠡᠭᠦᠳᠡᠷᠯᠡᠬᠦ᠂ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠲᠠᠨᠢᠯᠴᠠᠭᠤᠯᠭ᠎ᠠ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠬᠦ ᠬᠤᠳᠠ ᠶᠢᠨ ᠡᠯ᠎ᠡ ᠲᠦᠷᠦᠯ ᠤᠨ ᠬᠠᠮᠲᠤᠷᠠᠯᠴᠠᠭᠠᠨ ᠤ ᠪᠠᠭ᠎ᠠ ᠦᠷ᠎ᠡ ᠪᠦᠲᠦᠭᠡᠯ ᠢ ᠪᠦᠬᠦ ᠬᠤᠳᠠ ᠶᠢᠨ ᠪᠦᠬᠦᠯᠢ ᠴᠣᠭᠴᠠ ᠶᠢᠨ ᠤᠶᠤᠨ ᠤᠬᠠᠭᠠᠨ ᠬᠦᠴᠦᠨ ᠴᠢᠳᠠᠯ ᠢ ᠠᠰᠢᠭᠯᠠᠬᠤ ᠲᠣᠮᠣ ᠰᠡᠳᠦᠪ ᠪᠣᠯᠭᠠᠵᠤ᠂ ᠭᠠᠷ ᠬᠤᠯᠪᠣᠨ ᠤᠯᠠᠭᠠᠨᠴᠠᠪ ᠤᠨ︽ᠰᠣᠶᠣᠯ ᠵᠤᠭᠠᠴᠠᠯ ᠤᠨ ᠬᠠᠭᠤᠳᠠᠰᠤ︾ ᠶᠢ ᠵᠢᠷᠤᠭᠯᠠᠨ᠎ᠡ᠃
 
ᠢᠷᠡᠯᠲᠡ᠄ ᠤᠯᠠᠭᠠᠨᠴᠠᠪ ᠤᠨ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2