ᠵᠢᠨᠢᠩ ᠲᠣᠭᠤᠷᠢᠭ ᠪᠣᠯᠣᠨ ᠥᠪᠥᠷ ᠮᠣᠩᠭᠤᠯ ᠤᠨ ᠵᠦᠩ ᠵᠢᠶᠣᠣ ᠯᠢᠶᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠠᠢ
ᠨᠡᠶᠢᠲᠡᠯᠡᠭᠰᠡᠨ ᠴᠠᠭ᠄
2024/4/2
    4 ᠰᠠᠷ᠎ᠠ ᠶᠢᠨ 1  ᠤ ᠡᠳᠦᠷ᠂ ᠵᠢᠨᠢᠩ ᠲᠣᠭᠤᠷᠢᠭ ᠪᠣᠯᠣᠨ ᠥᠪᠥᠷ ᠮᠣᠩᠭᠤᠯ ᠤᠨ ᠵᠦᠩ ᠵᠢᠶᠣᠣ ᠯᠢᠶᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ᠃ ᠶᠣᠰᠣᠯᠠᠯ ᠳᠡᠭᠡᠷ᠎ᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠥᠪᠥᠷ ᠮᠣᠩᠭᠤᠯ ᠤᠨ ᠵᠦᠩ ᠵᠢᠶᠣᠣ ᠯᠢᠶᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠦᠨᠳᠦᠰᠦᠨ ᠪᠠᠶᠢᠳᠠᠯ ᠪᠣᠯᠣᠨ ᠭᠡᠷ᠎ᠡ ᠲᠣᠭᠲᠠᠭᠰᠠᠨ ᠲᠦᠷᠦᠯ ᠵᠦᠢᠯ ᠤᠨ ᠲᠣᠶᠢᠮᠣ ᠪᠠᠶᠢᠳᠠᠯ ᠢ ᠨᠠᠷᠢᠨ ᠲᠠᠨᠢᠯᠴᠠᠭᠤᠯᠪᠠ᠃ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠮᠥᠸᠧ ᠬᠠᠢ ᠮᠢᠩ ᠲᠣᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠥᠪᠥᠷ ᠮᠣᠩᠭᠤᠯ ᠤᠨ ᠵᠥᠩ ᠵᠢᠶᠣᠣ ᠯᠢᠶᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠲᠢᠶᠠᠨ ᠶᠦᠩ ᠱᠧᠩ ᠲᠠᠢ ᠬᠠᠮᠲᠤ ᠪᠠᠷ ︽ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠡᠳ᠋ᠰᠢᠭᠦᠯᠬᠦ ᠲᠥᠷᠥᠯ ᠵᠦᠢᠯ ᠤᠨ  ᠬᠦᠷᠢᠶᠡᠯᠡᠩ ᠳᠤ ᠣᠷᠣᠬᠤ ᠬᠡᠯᠡᠯᠴᠡᠭᠡᠷ ᠤᠨ ᠪᠢᠴᠢᠭ︾ ᠲᠤ ᠭᠠᠷ ᠤᠨ ᠥᠰᠥᠭ ᠵᠢᠷᠤᠪᠠ᠃     ᠥᠪᠥᠷ ᠮᠣᠩᠭᠤᠯ ᠤᠨ ᠵᠥᠩ ᠵᠢᠶᠣᠣ ᠯᠢᠶᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠢᠨᠢᠩ ᠲᠣᠭᠤᠷᠢᠭ ᠲᠤ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠡᠳ᠋ᠰᠢᠭᠦᠯᠬᠦ ᠲᠥᠷᠥᠯ ᠵᠦᠢᠯ ᠢ ᠪᠠᠶᠢᠭᠤᠯᠬᠤ ᠪᠠᠷ ᠪᠣᠶ᠂ ᠲᠠᠯᠠᠪᠠᠶ ᠨᠢ ᠪᠠᠷᠤᠭ 52 ᠮᠦ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 1.2 ᠳ᠋ᠦᠩᠰᠢᠭᠤᠷ ᠲᠥᠭᠦᠷᠢᠭ ᠪᠠᠶᠢᠵᠤ᠂ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠪᠣᠷᠤᠯᠠᠭᠤᠯᠭ᠎ᠠ ᠶᠢᠨ ᠣᠷᠣᠯᠭ᠎ᠠ ᠨᠢ 4 ᠳ᠋ᠦᠩᠰᠢᠭᠤᠷ ᠲᠥᠭᠦᠷᠢᠭ᠂ ᠭᠠᠶᠢᠯᠢ ᠶᠢᠨ ᠣᠷᠣᠯᠭ᠎ᠠ  ᠨᠢ 0.3 ᠳ᠋ᠦᠩᠰᠢᠭᠤᠷ ᠲᠥᠭᠦᠷᠢᠭ ᠪᠠᠶᠢᠵᠤ᠂ 30 ᠭᠠᠷᠤᠢ ᠠᠵᠢᠯ ᠤᠨ ᠪᠠᠶᠢᠷᠢ ᠬᠠᠩᠭᠠᠬᠤ ᠪᠣᠯᠣᠨ᠎ᠠ᠃                                    ᠤᠷᠴᠢᠭᠤᠯᠤᠭᠴᠢ᠄ ᠬᠦᠰᠡᠯ                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2