ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/22
    4 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠤᠯᠠᠭᠠᠨᠴᠠᠪ ᠬᠤᠲᠠ ᠶᠢᠨ ᠤᠳᠤᠷᠢᠳᠤᠯᠭ᠎ᠠ ᠶᠢᠨ ᠴᠢᠬᠤᠯᠠ ᠶᠡᠭᠡ ᠲᠥᠷᠥᠯ ᠵᠦᠢᠯ ᠪᠠ ᠭᠤᠣᠯᠳᠠᠯᠭ᠎ᠠ ᠲᠠᠢ ᠠᠵᠤ ᠠᠬᠤᠶᠢᠯᠠᠯ ᠳᠤ  ᠳᠠᠭᠠᠭᠠᠴᠢᠯᠠᠨ ᠬᠤᠯᠪᠣᠭᠠᠯᠠᠵᠤ ᠦᠢᠯᠡᠴᠢᠯᠡᠬᠦ ᠶᠢ ᠬᠡᠷᠡᠭᠵᠢᠭᠦᠯᠬᠦ ᠲᠥᠰᠥᠯ︾ ᠢ ᠬᠢᠨᠠᠨ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠶᠢᠨ ᠠᠵᠢᠯ ᠤᠨ ︽ᠭᠤᠣᠯ ᠭᠠᠷᠳᠠᠴᠠ︾ ᠪᠣᠯᠣᠨ᠎ᠠ᠂ ᠭᠤᠣᠯᠳᠠᠯᠭ᠎ᠠ ᠲᠠᠢ ᠠᠵᠤ ᠠᠬᠤᠶᠢᠯᠠᠯ ᠪᠣᠯ ᠠᠵᠤ ᠠᠬᠤᠢ ᠶᠢᠨ ᠬᠥᠭᠵᠢᠯᠲᠡ ᠶᠢᠨ ︽ᠠᠮᠢᠨ ᠰᠤᠳᠠᠰᠤ︾ ᠪᠣᠯᠣᠨ᠎ᠠ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠬᠤᠯᠠ ᠶᠡᠭᠡ ᠲᠥᠷᠥᠯ ᠵᠦᠢᠯ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠠᠭᠠᠭᠠᠴᠢᠯᠠᠨ ᠬᠤᠯᠪᠣᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ ᠮᠥᠷᠳᠡᠨ ᠦᠢᠯᠡᠴᠢᠯᠡᠬᠦ ᠶᠢ ᠰᠠᠶᠢᠲᠤᠷ ᠬᠢᠵᠦ᠂ ᠲᠥᠷᠥᠯ ᠵᠦᠢᠯ ᠢ ᠤᠷᠢᠵᠤ ᠠᠪᠴᠢᠷᠠᠬᠤ᠂ ᠪᠦᠲᠦᠭᠡᠨ ᠪᠠᠶᠢᠭᠤᠯᠬᠤ᠂ ᠦᠢᠯᠡᠳᠪᠦᠷᠢᠯᠡᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠥᠷᠥᠯ ᠵᠦᠢᠯ ᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠬᠤ ᠶᠢ ᠦᠨᠡᠨ ᠬᠦ ᠪᠠᠲᠤᠯᠠᠵᠤ᠂ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢ ᠬᠤᠷᠠᠮᠳᠤᠭᠤᠯᠤᠨ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                              ᠣᠷᠴᠢᠭᠤᠯᠤᠭᠴᠢ᠄ ᠭᠤᠸ᠎ᠠ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2