| | ᠨᠢᠭᠡ ᠳᠤ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ | ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠳᠠᠯᠳᠤᠭᠠᠨ ᠤ ᠶᠠᠪᠤᠳᠠᠯ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠡᠭᠦᠷᠭᠡ ᠶᠢᠨ ᠨᠠᠷᠢᠨ ᠲᠠᠩᠰᠠ ᠶᠢ ᠨᠠᠷᠢᠯᠢᠭᠵᠢᠭᠤᠯᠵᠤ᠂ 56 ᠵᠦᠢᠯ ᠤᠨ | ᠡᠭᠦᠷᠭᠡ ᠶᠢ ᠬᠠᠷᠢᠭᠤᠴᠠᠯᠭᠠᠲᠤ ᠰᠠᠯᠠᠭ᠎ᠠ ᠮᠥᠴᠢᠷ ᠲᠤ ᠬᠤᠪᠢᠶᠠᠨ ᠥᠭᠴᠦ᠂ ᠬᠠᠷᠢᠯᠴᠠᠬᠤ ᠪᠠ ᠲᠣᠬᠢᠷᠠᠭᠤᠯᠬᠤ | ᠠᠵᠢᠯ ᠤᠨ ᠪᠦᠯᠦᠭ ᠢ ᠪᠠᠶᠢᠭᠤᠯᠤᠨ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ | ᠬᠤᠶᠠᠷ ᠲᠤ ︽ᠢᠲᠡᠭᠡᠮᠵᠢᠲᠦ ᠵᠢᠭᠡᠯᠡᠯᠭᠡ︾ ᠶᠢ ᠳᠡᠯᠭᠡᠷᠡᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠠᠵᠤ | ᠠᠬᠤᠶᠢᠯᠠᠯ ᠤᠨ ᠪᠡᠯᠡ ᠲᠣᠬᠢᠷᠠᠭᠤᠯᠭ᠎ᠠ ᠳᠤ ᠬᠦᠴᠦᠨ ᠨᠡᠮᠡᠷᠢᠯᠡᠪᠡ᠃ 4 ᠰᠠᠷ᠎ᠠ ᠶᠢᠨ 17 ᠤ ᠡᠳᠦᠷ ᠪᠣᠯᠲᠠᠯ᠎ᠠ | ᠨᠡᠶᠢᠲᠡ 1648 ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ | ᠳᠠᠩᠰᠠᠯᠠᠭᠤᠯᠵᠠᠢ᠃ | ᠭᠤᠷᠪᠠ ᠳᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠶᠢ ᠰᠠᠶᠢᠲᠤᠷ ᠬᠢᠵᠦ᠂ ᠥᠪᠡᠷᠲᠡᠭᠡᠨ ᠵᠠᠰᠠᠬᠤ | ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠬᠠᠮᠢᠶ᠎ᠠ ᠪᠦᠬᠦᠢ ᠮᠡᠳᠡᠭᠡ ᠵᠠᠩᠭᠢ ᠶᠢ | ᠪᠦᠷᠢᠨ ᠪᠦᠲᠦᠨ᠂ ᠴᠠᠭ ᠲᠤᠬᠠᠢ ᠳᠤᠨᠢ᠂ ᠣᠨᠣᠪᠴᠢᠲᠠᠶ ᠮᠡᠳᠡᠭᠦᠯᠦᠨ ᠬᠦᠷᠭᠡᠪᠡ᠃ ᠣᠲᠣ ᠪᠣᠯᠲᠠᠯ᠎ᠠ᠂ ᠨᠢᠭᠡᠨᠲᠡ | ᠤᠯᠠᠭᠠᠨᠴᠠᠪ ᠬᠤᠲᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠵᠠᠰᠠᠭ | ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠬᠡᠯ ᠤᠨ ᠮᠡᠳᠡᠭᠡ ᠵᠠᠩᠭᠢ ᠶᠢᠨ 1249 ᠵᠤᠷᠪᠤᠰ ᠮᠡᠳᠡᠭᠡ | ᠵᠠᠩᠭᠢ ᠶᠢ ᠴᠤᠭᠯᠠᠭᠤᠯᠤᠭᠰᠠᠨ ᠪᠠᠶᠢᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | | |